ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2025/5/16
     5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠳᠤᠮᠳᠠᠳᠤ ᠮᠣᠩᠭᠤᠯ᠂ ᠳᠤᠮᠳᠠᠳᠤ ᠤᠷᠤᠰ ᠤᠨ ᠠᠵᠤ ᠠᠬᠤᠢ ᠠᠷᠠᠯᠵᠢᠶᠠᠨ ᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠠ ᠲᠣᠬᠢᠶᠠᠯ ᠢ ᠠᠮᠵᠢᠵᠤ᠂ ᠪᠦᠬᠦ ᠬᠦᠴᠦᠨ ᠢᠶᠠᠷ ᠢᠶᠠᠨ ᠳᠡᠭᠡᠳᠦ ᠱᠠᠳᠤ ᠪᠠᠷ ᠢᠶᠠᠨ ᠵᠣᠯᠭᠠᠭᠤᠯᠬᠤ ᠪᠠᠷ ᠴᠢᠷᠮᠠᠶᠢᠵᠤ᠂ ᠮᠠᠨ ᠤ ᠬᠤᠳᠠ ᠶᠢᠨ ᠴᠢᠬᠤᠯᠠ ᠶᠡᠭᠡ ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠡᠯ᠎ᠡ ᠲᠥᠷᠥᠯ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠴᠢᠬᠤᠯᠠᠴᠢᠯᠠᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠺᠠᠳ᠋ᠷᠴᠤᠳ ᠦᠷ᠎ᠡ ᠪᠦᠲᠦᠭᠡᠯ ᠤᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠭᠲᠠᠭᠠᠵᠤ᠂ ᠲᠠᠶᠢᠯᠬᠤ ᠰᠡᠳᠬᠢᠬᠦᠶ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠪᠠ ᠪᠠᠶᠢᠭᠤᠯᠤᠯ ᠲᠣᠭᠲᠠᠴᠠ ᠶᠢᠨ ᠬᠦᠴᠦᠨ ᠢ ᠨᠠᠩ ᠣᠯᠠᠨ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠳᠠᠯᠳᠠ ᠴᠢᠳᠠᠪᠤᠷᠢ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠡᠷᠭᠡ ᠠᠷᠭ᠎ᠠ ᠵᠠᠮ ᠳᠤ ᠲᠦᠰᠢᠭᠯᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠢᠷᠡᠯᠲᠡ ᠶᠢ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠳᠤᠮᠳᠠ ᠪᠣᠭᠤᠮᠲᠠ ᠶᠢᠨ ᠣᠨᠴᠠᠯᠢᠭ ᠢ ᠢᠯᠡᠷᠡᠭᠦᠯᠵᠦ᠂ ᠪᠣᠭᠤᠮᠲᠠ ᠶᠢᠨ ᠣᠨᠴᠠᠯᠢᠭ ᠢ ᠢᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号