| | | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠶᠢᠨ | ᠪᠦᠷᠢᠳᠬᠡᠯ ᠢ ᠦᠨᠳᠦᠰᠦᠯᠡᠪᠡᠯ᠂ ᠡᠷᠢᠶᠡᠨ ᠪᠣᠭᠤᠮᠲᠠ ᠶᠢᠨ ᠡᠨᠡ ᠵᠢᠯ ᠤᠨ ᠲᠦᠷᠦᠭᠦᠤ 4 ᠰᠠᠷ᠎ᠠ ᠳᠤ ᠭᠠᠳᠠᠭᠠᠳᠤ ᠳᠤ | ᠭᠠᠷᠭᠠᠬᠤ ᠭᠠᠷ ᠳᠠᠮᠵᠢᠭᠰᠠᠨ ᠲᠡᠷᠭᠡ 537 ᠪᠠᠶᠢᠨ᠎ᠠ᠃ | ᠡᠷᠢᠶᠡᠨ ᠬᠢᠯᠢ ᠶᠢᠨ ᠪᠣᠭᠤᠮᠲᠠ ᠨᠢ ᠶᠡᠷᠦᠩᠬᠡᠶᠢᠯᠡᠭᠰᠡᠨ ᠴᠢᠨᠠᠷᠲᠠᠶ ᠵᠠᠩᠭᠢᠯᠠᠭ᠎ᠠ ᠶᠢᠨ ᠪᠣᠭᠤᠮᠲᠠ ᠪᠣᠯᠤᠭᠰᠠᠨ ᠤ | ᠬᠤᠪᠢ ᠳᠤ᠂ ᠭᠠᠷ ᠳᠠᠮᠵᠢᠭᠰᠠᠨ ᠮᠠᠰᠢᠨ ᠲᠡᠷᠭᠡ᠂ ᠲᠠᠸᠠᠷ ᠤᠨ ᠮᠠᠰᠢᠨ ᠲᠡᠷᠭᠡ ᠵᠡᠷᠭᠡ ᠶᠢᠨ ᠪᠣᠭᠤᠮᠲᠠ ᠪᠠᠷ ᠥᠩᠭᠡᠷᠡᠬᠦ | ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠯᠳᠦᠭᠦᠯᠪᠡ᠃ ᠣᠶᠢᠷ᠎ᠠ ᠶᠢᠨ ᠵᠢᠯ ᠤᠳ ᠲᠤ᠂ | ᠡᠷᠢᠶᠡᠨ ᠪᠣᠭᠤᠮᠲᠠ ᠶᠢᠨ ᠭᠠᠳᠠᠭᠠᠳᠤ ᠭᠠᠷᠭᠠᠯᠲᠠ ᠶᠢᠨ ᠲᠡᠷᠭᠡ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠃ | ᠮᠠᠰᠢᠨ ᠲᠡᠷᠭᠡ ᠨᠢ ᠭᠤᠤᠯᠳᠠᠭᠤ ᠴᠢᠷᠦᠭᠦᠯ ᠲᠡᠷᠭᠡ᠂ ᠦᠪᠡᠷᠲᠡᠭᠡᠨ ᠪᠠᠭᠤᠯᠭᠠᠬᠤ ᠲᠡᠷᠭᠡ᠂ ᠬᠡᠭᠡᠷᠡᠯᠡᠨ ᠠᠶᠠᠯᠠᠬᠤ | ᠲᠡᠷᠭᠡ᠂ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ᠂ ᠫᠢ ᠺᠠ ᠳᠡᠷᠭᠡ᠂ ᠠᠶᠠᠨᠴᠢᠳ ᠤᠨ ᠮᠠᠰᠢᠨ ᠳᠡᠷᠭᠡ ᠵᠡᠷᠭᠡ | ᠪᠠᠶᠢᠪᠠ᠃ ᠨᠠᠷᠠᠲᠤ ᠲᠡᠮᠳᠡᠭᠲᠦ ᠨᠢ ᠪᠡᠭᠡᠵᠢᠩ ᠮᠠᠰᠢᠨ ᠲᠡᠷᠭᠡ᠂ ᠹᠧᠩ ᠲᠢᠶᠠᠨ ᠮᠠᠰᠢᠨ ᠲᠡᠷᠭᠡ᠂ ᠰᠢᠶᠠᠨ ᠳ᠋ᠠᠢ ᠳᠡᠷᠭᠡ | ᠂ ᠹᠦ᠋ ᠲᠧ ᠵᠡᠷᠭᠡ ᠪᠠᠭᠲᠠᠨ᠎ᠠ᠃ ᠤᠯᠤᠰ ᠤᠨ ᠳᠣᠲᠣᠭᠠᠳᠤ ᠶᠢᠨ ᠬᠤᠳᠠᠯᠳᠤᠨ ᠠᠪᠬᠤ ᠲᠡᠷᠭᠡᠨ ᠢᠷᠡᠯᠲᠡ ᠨᠢ | ᠭᠤᠤᠯᠳᠠᠭᠤ ᠣᠷᠣᠨ ᠤ ᠭᠠᠳᠠᠨᠠᠬᠢ ᠪᠡᠭᠡᠵᠢᠩ ᠲᠢᠶᠠᠨᠵᠢᠨ ᠾᠧᠪᠧᠶ᠂ ᠣᠷᠣᠨ ᠤ ᠳᠣᠲᠣᠷᠠᠬᠢ ᠬᠥᠬᠡᠬᠤᠲᠠ ᠪᠤᠭᠤᠲᠤ | ᠣᠷᠳᠣᠰ ᠵᠡᠷᠭᠡ ᠭᠠᠵᠠᠷ ᠣᠷᠣᠨ ᠳᠤ ᠲᠥᠪᠯᠡᠷᠡᠵᠦ᠂ ᠭᠠᠳᠠᠭᠠᠳᠤ ᠳᠤ ᠭᠠᠷᠭᠠᠬᠤ ᠨᠢ ᠭᠤᠤᠯᠳᠠᠭᠤ ᠮᠣᠩᠭᠤᠯ | ᠤᠯᠤᠰ ᠤᠨ ᠠᠭᠤᠷᠬᠠᠶ ᠶᠢᠨ ᠠᠵᠤ ᠠᠬᠤᠶᠢᠯᠠᠯ᠂ ᠪᠠᠷᠠᠭ᠎ᠠ ᠶᠢᠨ ᠭᠦᠢᠯᠭᠡᠭᠡᠨ ᠤ ᠺᠣᠮᠫᠠᠨᠢ᠂ ᠮᠠᠰᠢᠨ ᠲᠡᠷᠭᠡᠨ ᠤ ᠠᠵᠤ | ᠠᠬᠤᠶᠢᠯᠠᠯ ᠵᠢᠴᠢ ᠬᠤᠪᠢ ᠬᠥᠮᠦᠨ ᠳᠤ ᠬᠠᠨᠳᠤᠭᠤᠯᠤᠭᠰᠠᠨ ᠪᠠᠶᠢᠨ᠎ᠠ᠃ | ᠪᠣᠭᠤᠮᠲᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠬᠡᠬᠦ ᠶᠢᠨ ᠳᠣᠯᠠᠳᠠ᠂ ᠮᠠᠨ ᠤ ᠬᠤᠲᠠ ᠦᠷᠭᠦᠯᠵᠢᠯᠡᠨ ᠬᠡᠷᠡᠭᠴᠡᠭᠡ ᠲᠠᠢ ᠠᠵᠤ ᠠᠬᠤᠶᠢᠯᠠᠯ ᠳᠤ | ᠲᠤᠬᠠᠶᠢᠯᠠᠭᠰᠠᠨ ᠠᠵᠢᠯ ᠤᠨ ᠵᠥᠪᠯᠡᠯᠭᠡ ᠥᠭᠴᠦ ᠵᠢᠯᠣᠭᠤᠳᠬᠤ ᠠᠵᠢᠯ ᠢ ᠰᠠᠶᠢᠲᠤᠷ ᠬᠢᠵᠦ᠂ ᠭᠠᠷ ᠳᠠᠮᠵᠢᠭᠰᠠᠨ | ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ | ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ᠂ | ᠪᠡᠯᠡᠳᠬᠡᠬᠦ᠂ ᠪᠠᠶᠢᠴᠠᠭᠠᠨ ᠬᠡᠮᠵᠢᠬᠦ᠂ ᠪᠠᠷᠠᠭᠠᠨ ᠤ ᠭᠦᠢᠯᠭᠡᠭᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠠᠵᠤ | ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠠᠵᠤ ᠦᠢᠯᠡᠰ ᠤᠨ ᠲᠥᠪᠯᠡᠷᠡᠯ ᠤᠨ | ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠰᠢᠯᠵᠢᠭᠦᠯᠦᠨ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠭᠠᠷ ᠳᠠᠮᠵᠢᠭᠰᠠᠨ ᠮᠠᠰᠢᠨ | ᠲᠡᠷᠭᠡ ᠶᠢ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠪᠡ᠃ |