| | ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠳᠤ ᠨᠡᠭᠡᠭᠡᠯᠲᠡ ᠬᠢᠬᠦ ᠴᠢᠳᠠᠮᠵᠢ ᠪᠠᠷ ᠬᠠᠮᠤᠭ ᠤᠨ | ᠪᠦᠷᠢᠨ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠵᠢᠯ ᠪᠦᠷᠢ ᠵᠠᠭᠤᠨ ᠲᠦᠮᠡᠨ ᠬᠥᠮᠦᠨ ᠤᠳᠠᠭ᠎ᠠ ᠮᠣᠩᠭᠤᠯ ᠤᠯᠤᠰ | ᠵᠢᠴᠢ ᠪᠤᠰᠤᠳ ᠤᠯᠤᠰ ᠤᠨ ᠬᠤᠳᠠᠯᠳᠤᠭᠠᠴᠢᠨ ᠠᠳᠡ ᠪᠠᠷᠠᠭ᠎ᠠ ᠬᠤᠳᠠᠯᠳᠤᠨ ᠠᠪᠴᠤ᠂ ᠬᠡᠷᠡᠭᠯᠡᠵᠦ ᠪᠠᠶᠢᠨ᠎ᠠ᠃ | ᠮᠠᠨ ᠤ ᠬᠤᠲᠠ ᠭᠠᠳᠠᠭᠠᠳᠤ ᠶᠢᠨ ᠬᠠᠷᠢᠶᠠᠲᠤ ᠳᠤᠮᠳᠠᠳᠤ ᠤᠯᠤᠰ ᠲᠤ ᠢᠷᠡᠭᠰᠡᠨ ᠬᠥᠮᠦᠰ ᠤᠨ ᠲᠣᠭᠠᠴᠠᠭ᠎ᠠ ᠬᠢᠬᠦ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠠᠴᠠᠭ᠎ᠠ ᠬᠢᠬᠦ ᠦᠢᠯᠡᠴᠢᠯᠡᠭᠡᠨ ᠤ ᠣᠷᠣᠵᠤ ᠭᠠᠷᠬᠤ᠂ | ᠵᠤᠭᠠᠴᠠᠨ ᠨᠠᠭᠠᠳᠬᠤ᠂ ᠪᠠᠷᠠᠭ᠎ᠠ ᠬᠤᠳᠠᠯᠳᠤᠨ ᠠᠪᠬᠤ᠂ ᠢᠳᠡᠵᠦ ᠤᠤᠭᠤᠬᠤ ᠬᠤᠨᠣᠵᠤ ᠬᠡᠪᠲᠡᠬᠦ ᠵᠡᠷᠭᠡ | ᠬᠡᠷᠡᠭᠯᠡᠭᠡᠨ ᠤ ᠪᠠᠶᠢᠳᠠᠯ ᠢ ᠳᠥᠭᠦᠮᠴᠢᠯᠡᠬᠦ ᠶᠢ ᠠᠬᠢᠭᠤᠯᠵᠤ᠂ ᠬᠢᠯᠢ ᠪᠠᠷ ᠣᠷᠣᠵᠤ ᠢᠷᠡᠬᠦ ᠬᠡᠷᠡᠭᠯᠡᠭᠡ ᠶᠢ ᠨᠠᠩ ᠳᠦᠬᠦᠮ | ᠪᠣᠯᠭᠠᠪᠠ᠃ | ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠰᠡᠳᠬᠢᠴᠡ ᠶᠢᠨ ᠤᠬᠠᠭᠠᠨ ᠤ ᠫᠷᠣᠹᠧᠰᠰᠣᠷ ᠫᠦᠵᠢᠶ᠂ | ᠤᠷᠠᠨᠴᠢᠮᠡᠭ ᠬᠢᠲᠠᠳ ᠲᠤ ᠢᠷᠡᠵᠦ ᠵᠢᠭᠤᠯᠴᠢᠯᠠᠬᠤ ᠶᠡᠭᠡ ᠳᠤᠷᠠᠲᠠᠢ ᠪᠠᠶᠢᠳᠠᠭ᠃ 5 ᠰᠠᠷ᠎ᠠ ᠶᠢᠨ 14 ᠤ ᠡᠳᠦᠷ᠂ | ᠬᠤᠶᠠᠭᠤᠯᠠ ᠡᠷᠢᠶᠡᠨ ᠪᠣᠭᠤᠮᠲᠠ ᠪᠠᠷ ᠬᠢᠯᠢ ᠳᠤ ᠤᠷᠤᠭᠰᠠᠨ ᠤ ᠳᠠᠷᠠᠭ᠎ᠠ᠂ ᠬᠤᠳᠠᠯᠳᠤᠭᠠᠴᠢᠨ ᠠᠴᠠ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠦᠢᠯ ᠢ ᠬᠤᠳᠠᠯᠳᠤᠨ ᠠᠪᠤᠪᠠ᠃ ᠪᠠᠷᠠᠭ᠎ᠠ ᠬᠤᠳᠠᠯᠳᠤᠨ ᠠᠪᠬᠤ ᠳᠤ ᠳᠥᠭᠦᠮ | ᠦᠵᠡᠭᠦᠯᠬᠦ ᠶᠢᠨ ᠲᠥᠯᠥᠭᠡ᠂ ᠲᠡᠳᠡ ᠭᠠᠷ ᠤᠲᠠᠰᠤᠨ ᠳᠡᠭᠡᠷ᠎ᠡ ᠪᠠᠨ ︽ᡁᠢ ᠹᠦ᠋ ᠪᠣᠣ︾ ᠪᠠᠭᠤᠯᠭᠠᠨ ᠠᠪᠬᠤ ᠶᠢᠨ | ᠬᠠᠮᠲᠤ ᠮᠣᠩᠭᠤᠯ ᠤᠯᠤᠰ ᠤᠨ Hipay ᠬᠢᠯᠢ ᠶᠢᠨ ᠭᠠᠳᠠᠨᠠᠬᠢ ᠵᠣᠭᠤᠰ ᠤᠨ ᠪᠣᠭᠴᠣ ᠶᠢ ᠬᠡᠷᠡᠭᠯᠡᠬᠦ ᠶᠢᠨ ᠬᠠᠮᠲᠤ᠂ | ᠺᠣᠳ᠋ ᠰᠢᠷᠪᠢᠬᠦ᠂ ᠺᠠᠷᠲ ᠱᠦᠷᠬᠦᠬᠡᠬᠦ ᠵᠡᠷᠭᠡ ᠣᠯᠠᠨ ᠶᠠᠩᠵᠤ ᠶᠢᠨ ᠲᠥᠯᠥᠪᠦᠷᠢ ᠶᠢᠨ ᠠᠷᠭ᠎ᠠ ᠮᠠᠶ᠋ᠢᠭ ᠢ ᠬᠡᠷᠡᠭᠯᠡᠵᠦ᠂ | ᠪᠠᠰᠠ ATM ᠮᠠᠰᠢᠨ ᠳᠡᠭᠡᠷ᠎ᠡ ᠺᠠᠷᠲ ᠳᠡᠭᠡᠷ᠎ᠡ ᠪᠡᠯᠡᠨ ᠵᠣᠭᠤᠰ ᠭᠠᠷᠭᠠᠨ ᠠᠪᠴᠤ᠂ ᠪᠦᠬᠦ ᠶᠠᠪᠤᠴᠠ ᠳᠤ ᠵᠠᠪᠰᠠᠷ | ᠦᠭᠡᠢ ᠵᠠᠯᠭᠠᠯᠳᠣᠭᠤᠯᠣᠭᠰᠠᠨ ᠪᠠᠶᠢᠨ᠎ᠠ᠃ | | | | | ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠰᠡᠳᠬᠢᠴᠡ ᠵᠦᠶ ᠶᠢᠨ ᠫᠷᠤᠹᠧᠰᠰᠤᠷ ᠫᠦ᠋ ᠵᠢᠶᠧ | ᠬᠡᠯᠡᠭᠰᠡᠨ ᠨᠢ᠄ ︽ᠪᠢ ᠰᠠᠶ᠋ᠢ ᠥᠪᠡᠷ ᠤᠨ ᠺᠠᠷᠲ ᠢᠶᠠᠷ ᠢᠶᠠᠨ ᠬᠤᠳᠠᠯᠳᠤᠭᠠᠨ ᠤ ᠲᠠᠯᠠᠪᠤᠷ ᠠᠴᠠ ᠶᠠᠭᠤᠮ᠎ᠠ | ᠬᠤᠳᠠᠯᠳᠤᠨ ᠠᠪᠴᠤ᠂ ᠰᠢᠭᠤᠳ ᠺᠠᠷᠲ ᠢᠶᠠᠷ ᠬᠡᠷᠡᠭᠯᠡᠭᠡ ᠬᠢᠬᠦ ᠳᠤ ᠮᠠᠰᠢ ᠣᠯᠠᠨ ᠳᠠᠪᠠᠭᠤᠯᠢᠭ ᠲᠠᠢ ᠶᠤᠮ︾ ᠭᠡᠪᠡ᠃ | | ᠦᠨᠳᠦᠰᠦᠲᠡᠨ ᠤ ᠠᠷᠠᠯᠵᠢᠶᠠᠨ ᠤ ᠪᠦᠷᠢᠨ ᠪᠠᠷᠠᠭᠠᠲᠤ ᠠᠰᠠᠷ ᠤᠨ ᠬᠤᠪᠴᠠᠰᠤ ᠡᠵᠡᠩᠨᠡᠭᠴᠢ ᠾᠧ ᠹᠧᠩ | ᠯᠢᠩ᠄ ︽ᠮᠣᠩᠭᠤᠯ ᠬᠤᠳᠠᠯᠳᠤᠭᠠᠴᠢᠳ ᠳᠡᠯᠭᠡᠭᠦᠷ ᠲᠤ ᠢᠷᠡᠵᠦ ᠬᠡᠷᠡᠭᠯᠡᠳᠡᠭ᠂ ᠺᠠᠷᠲ ᠢᠶᠠᠷ ᠰᠢᠷᠪᠢᠵᠦ᠂ ᠪᠡᠯᠡᠨ | ᠮᠥᠩᠭᠦ ᠶᠢ ᠴᠦ ᠲᠥᠯᠥᠵᠦ ᠪᠣᠯᠤᠨ᠎ᠠ︾ ᠭᠡᠪᠡ᠃ | ᠮᠠᠨ ᠤ ᠬᠤᠲᠠ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠳᠤ ᠰᠠᠭᠤᠷᠢᠯᠠᠨ᠂ ᠪᠣᠭᠤᠮᠲᠠ ᠪᠠᠷ | ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠪᠠᠷ ᠲᠤᠯᠭᠠᠭᠤᠷᠢᠯᠠᠬᠤ ᠴᠡᠭ ᠪᠣᠯᠭᠠᠵᠤ᠂ ᠮᠣᠩᠭᠤᠯ ᠤᠯᠤᠰ ᠤᠨ ᠬᠤᠪᠢ | ᠬᠥᠮᠥᠨ ᠤ ᠲᠣᠭᠠᠴᠠᠭ᠎ᠠ ᠬᠢᠬᠦ ᠵᠡᠷᠭᠡ ᠭᠤᠷᠪᠠᠳᠠᠬᠢ ᠡᠲᠡᠭᠡᠳ ᠤᠨ ᠲᠠᠪᠴᠠᠩ ᠢᠶᠠᠷ ᠳᠠᠮᠵᠢᠭᠤᠯᠤᠨ ᠭᠠᠳᠠᠭᠠᠳᠤ ᠺᠠᠷᠲ | ᠪᠣᠭᠤᠳᠠᠯᠯᠠᠬᠤ ᠶᠢ ᠠᠬᠢᠭᠤᠯᠵᠤ᠂ ᠬᠢᠯᠢ ᠶᠢᠨ ᠳᠣᠲᠣᠷᠠᠬᠢ ᠪᠠᠭ᠎ᠠ ᠲᠣᠭᠠᠨ ᠤ ᠺᠣᠳ᠋ ᠰᠢᠷᠪᠢᠵᠦ ᠲᠣᠭᠠᠴᠠᠭ᠎ᠠ ᠬᠢᠬᠦ | ᠵᠢᠴᠢ Hipay ︵ᠮᠣᠩᠭᠤᠯ︶ ᠬᠢᠯᠢ ᠶᠢᠨ ᠭᠠᠳᠠᠨᠠᠬᠢ ᠵᠣᠭᠤᠰᠣᠨ ᠪᠣᠭᠴᠣ ᠶᠢ ᠬᠢᠯᠢ ᠶᠢᠨ ᠪᠣᠭᠤᠮᠲᠠ ᠪᠠᠷ ᠲᠠᠯᠪᠢᠵᠤ | ᠬᠡᠷᠡᠭᠯᠡᠬᠦ ᠶᠢ ᠪᠠᠶᠠᠯᠡᠬᠦᠯᠪᠡ᠃ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠡᠮᠨᠡᠯᠭᠡ ᠶᠢᠨ ᠬᠤᠷᠢᠶ᠎ᠠ᠂ ᠵᠣᠴᠢᠳ ᠤᠨ | ᠪᠠᠭᠤᠳᠠᠯ ᠵᠡᠷᠭᠡ 8 ᠶᠡᠭᠡ ᠲᠠᠯᠠᠪᠤᠷ 288 ᠭᠤᠤᠯᠳᠠᠯᠭ᠎ᠠ ᠲᠠᠢ ᠬᠤᠳᠠᠯᠳᠤᠭᠠᠨ ᠤ ᠡᠷᠦᠬᠡ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠤᠯᠳᠠᠯᠭ᠎ᠠ ᠲᠠᠢ ᠬᠡᠷᠡᠭᠯᠡᠭᠡᠨ ᠤ ᠲᠠᠯᠠᠪᠠᠶ ᠶᠢᠨ ᠲᠣᠭᠤᠷᠢᠨ ᠳᠤ᠂ ᠵᠢᠱᠢᠶ᠎ᠡ ᠦᠵᠡᠭᠦᠯᠬᠦ ᠵᠡᠭᠡᠯᠢ | ᠲᠣᠭᠤᠷᠢᠭ ᠪᠠ ᠦᠢᠯᠡᠴᠢᠯᠡᠭᠡᠨ ᠤ ᠲᠤᠰᠬᠠᠶ ᠲᠣᠭᠤᠷᠢᠭ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ | ᠲᠣᠭᠠᠴᠠᠭ᠎ᠠ ᠬᠢᠬᠦ ᠦᠢᠯᠡᠴᠢᠯᠡᠭᠡᠨ ᠤ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ ᠰᠢᠯᠢᠳᠡᠭᠵᠢᠭᠦᠯᠪᠡ | ᠃ | ᠣᠳᠣᠬᠠᠨ ᠪᠣᠯᠲᠠᠯ᠎ᠠ᠂ ᠮᠠᠨ ᠤ ᠬᠤᠲᠠ ᠨᠢᠭᠡᠨᠲᠡ ᠭᠠᠳᠠᠷ ᠺᠠᠷᠲ ᠢᠶᠠᠷ ATM ᠮᠠᠰᠢᠨ ᠢ 24 ᠪᠠᠶᠢᠭᠤᠯᠵᠤ | ᠂ ᠰᠤᠯᠠ ᠵᠣᠭᠤᠰ ᠢᠶᠠᠷ ATM ᠮᠠᠰᠢᠨ ᠢ 17 ᠭᠠᠷᠭᠠᠵᠤ᠂ ᠭᠠᠳᠠᠭᠠᠳᠤ ᠶᠢᠨ ᠵᠣᠭᠤᠰ ᠰᠣᠯᠢᠬᠤ ᠪᠠᠩᠬᠢ ᠶᠢᠨ | ᠲᠣᠣᠷ ᠴᠡᠭ ᠢ 13 ᠪᠠᠶᠢᠭᠤᠯᠬᠤ ᠶᠢ ᠳᠡᠮᠵᠢᠵᠦ᠂ 3 ᠭᠠᠳᠠᠭᠠᠳᠤ ᠶᠢᠨ ᠵᠣᠭᠤᠰ ᠰᠣᠯᠢᠬᠤ ᠴᠡᠭ ᠢ ᠵᠣᠬᠢᠴᠠᠭᠤᠯᠤᠨ | ᠪᠠᠶᠢᠭᠤᠯᠵᠤ᠂ ᠲᠣᠭᠠᠴᠠᠭ᠎ᠠ ᠬᠢᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠤᠰᠬᠠᠢ ᠲᠣᠭᠤᠷᠢᠭ ᠢ 3 ᠪᠠᠶᠢᠭᠤᠯᠵᠤ᠂ | ᠣᠯᠠᠨ ᠶᠠᠩᠵᠤ ᠶᠢᠨ ᠲᠣᠭᠠᠴᠠᠭ᠎ᠠ ᠬᠢᠬᠦ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠠᠩᠬ᠎ᠠ | ᠠᠯᠬᠤᠮ ᠤᠨ ᠦᠷ᠎ᠡ ᠪᠦᠲᠦᠮᠵᠢ ᠣᠯᠪᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ | ᠡᠷᠢᠶᠡᠨ ᠬᠤᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ ᠤᠨ ᠳᠡᠳ᠋ ᠡᠷᠬᠢᠯᠡᠭᠴᠢ ᠬᠠᠶ ᠶᠢᠩ ᠬᠡᠯᠡᠭᠰᠡᠨ ᠨᠢ᠄ ︽ | ᠪᠣᠭᠤᠮᠲᠠ ᠶᠢᠨ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠪᠠᠷ ᠲᠤᠯᠭᠠᠭᠤᠷᠢᠯᠠᠬᠤ ᠴᠡᠭ ᠪᠣᠯᠭᠠᠵᠤ᠂ ᠪᠠᠩᠬᠢ ᠶᠢᠨ | ᠺᠠᠷᠲ᠂ ᠰᠢᠯᠵᠢᠮᠡᠯ ᠲᠣᠭᠠᠴᠠᠭ᠎ᠠ ᠬᠢᠬᠦ᠂ ᠪᠡᠯᠡᠨ ᠵᠣᠭᠤᠰ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠵᠡᠷᠭᠡ ᠪᠠᠷ | ᠬᠥᠭᠵᠢᠭᠦᠯᠬᠦ᠂ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ᠃ ᠪᠣᠭᠤᠮᠲᠠ ᠶᠢᠨ ᠭᠠᠵᠠᠷ ᠣᠷᠣᠨ ᠳᠤ ︿ᠭᠠᠳᠠᠭᠠᠳᠤ | ᠺᠠᠷᠲ ᠢᠶᠠᠷ ᠳᠣᠲᠣᠭᠠᠳᠤ ᠳᠤ ᠬᠡᠷᠡᠭᠯᠡᠬᠦ﹀ ︿ᠰᠢᠯᠵᠢᠮᠡᠯ ᠲᠣᠭᠠᠴᠠᠭ᠎ᠠ ᠬᠢᠬᠦ ᠦᠢᠯᠡᠳᠭᠦᠨ ᠢ ᠢᠳᠡᠪᠬᠢᠲᠡᠶ | ᠳᠡᠯᠭᠡᠷᠡᠭᠦᠯᠬᠦ ᠶᠢᠨ ᠬᠠᠮᠲᠤ᠂ ᠵᠠᠷᠤᠳᠠᠯ ᠢ ᠬᠠᠰᠤᠵᠤ ᠠᠰᠢᠭ ᠢ ︿ᠤᠷᠢᠬᠠᠨ ᠰᠠᠯᠬᠢ﹀ ᠶᠢᠨ ᠠᠵᠢᠯᠯᠠᠭ᠎ᠠ᠂ ︿ᠬᠡᠮᠡᠷᠯᠢᠭ | ᠳᠤᠮᠳᠠᠳᠤ ᠶᠢᠨ᠂ ᠲᠣᠭᠠᠴᠠᠭ᠎ᠠ ᠬᠢᠬᠦ ᠳᠤ ᠵᠣᠪᠠᠨᠢᠯ﹀ ᠬᠡᠷᠡᠭᠯᠡᠭᠡ ᠶᠢ ᠳᠦᠭᠦᠷᠲᠡᠯ᠎ᠡ ᠬᠠᠰᠤᠬᠤ ᠠᠵᠢᠯᠯᠠᠭ᠎ᠠ ᠶᠢ | ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠳᠤ ᠬᠤᠯᠪᠣᠭᠳᠠᠬᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠲᠣᠭᠠᠴᠠᠭ᠎ᠠ ᠬᠢᠬᠦ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾᠃ |