︽5.1︾ ᠤ ᠵᠢᠭᠤᠯᠴᠢᠯᠠᠯ ᠤᠨ ᠰᠢᠨ᠎ᠡ ᠰᠣᠩᠭᠤᠯᠲᠠ᠄ ᠮᠠᠨ ᠤ ᠬᠤᠲᠠ ᠶᠢᠨ ᠣᠯᠠᠨ ᠡᠰᠢᠲᠦ ᠰᠣᠶᠣᠯ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠠᠵᠢᠯ ᠥᠪᠡᠷᠮᠢᠴᠡ ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/5/6
     ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠣᠶᠢᠯᠠᠭᠠᠯᠲᠠ ᠪᠠᠨ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠲᠠ ᠠᠯᠢ ᠣᠯᠠᠨ ︽ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠵᠢ ᠬᠤᠭᠤᠯᠠ︾ ᠶᠢ ᠨᠠᠷᠢᠨ ᠨᠢᠮᠪᠠᠶ ᠲᠥᠯᠥᠪᠯᠡᠨ ᠭᠠᠷᠭᠠᠵᠤ᠂ ᠠᠳᠠᠯᠢ ᠪᠤᠰᠤ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠪᠠ᠃
     ︽5.1︾ ᠤ ᠠᠮᠠᠷᠠᠯᠲᠠ ᠶᠢᠨ ᠬᠤᠭᠤᠴᠠᠭᠠᠨ ᠳᠤ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠤ ᠬᠢᠯᠢ ᠶᠢᠨ ᠬᠥᠰᠢᠶ᠎ᠡ ᠶᠢᠨ ᠠᠭᠤᠳᠠᠮ ᠲᠠᠯᠠᠪᠠᠶ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠴᠤᠤ ᠶᠠᠩ ᠳᠤᠮᠳᠠᠳᠤ ᠮᠣᠩᠭᠤᠯ ᠤᠨ ᠬᠢᠯᠢ ᠶᠢ ᠭᠡᠲᠦᠯᠬᠦ ᠦᠶ᠎ᠡ ᠳᠤ᠂ ᠲᠠᠪᠤᠨ ᠣᠳᠣᠲᠤ ᠤᠯᠠᠭᠠᠨ ᠲᠤᠭ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ ᠠᠯᠭᠤᠷᠬᠠᠨ ᠮᠠᠨᠳᠤᠵᠤ᠂ ᠲᠡᠷᠢ ᠲᠡᠭᠰᠢ ᠶᠣᠰᠣᠯᠠᠯ ᠤᠨ ᠡᠩᠨᠡᠭᠡ᠂ ᠣᠷᠭᠢᠯᠤᠮ᠎ᠠ ᠬᠠᠯᠠᠭᠤᠨ ᠤᠯᠤᠰ ᠤᠨ ᠰᠦᠯᠳᠡ ᠳᠠᠭᠤᠤ ᠶᠢᠨ ᠠᠶᠠᠰ ᠪᠠᠶᠢᠵᠤ᠂ ᠵᠤᠭᠠᠴᠠᠭᠰᠠᠳ ᠨᠢᠭᠡᠪᠦᠷᠢ ᠶᠢᠨ ᠬᠤᠳᠠ ᠶᠢᠨ ᠠᠷᠠᠳ ᠨᠢᠭᠡᠪᠦᠷᠢ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠮᠡᠳᠡᠷᠡᠭᠦᠯᠬᠦ ᠪᠣᠯᠤᠨ᠎ᠠ᠃ ︽ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ︾ ᠶᠢᠨ ᠡᠮᠦᠨ᠎ᠡ ᠵᠣᠭᠰᠣᠵᠤ᠂ ᠤᠯᠤᠰ ᠤᠨ ᠲᠤᠭ ᠲᠠᠢ ᠬᠠᠮᠲᠤ ᠨᠢᠭᠡ ᠬᠠᠭᠤᠳᠠᠰᠤ ᠬᠠᠮᠲᠤ ᠶᠢᠨ ᠰᠡᠭᠦᠳᠡᠷ ᠲᠠᠲᠠᠭᠤᠯᠵᠤ᠂ ᠲᠠᠪᠤᠨ ᠰᠠᠷ᠎ᠠ ᠶᠢᠨ ᠨᠢᠭᠡᠨ ᠤ ᠲᠥᠪ ᠶᠡᠬᠡᠮᠰᠦᠭ ᠪᠠ ᠣᠮᠣᠭᠰᠢᠯ ᠢᠶᠠᠨ ᠲᠣᠭᠲᠠᠭᠠᠵᠠᠶ᠃
    ᠡᠳᠦᠷ ᠪᠦᠷᠢ ᠶᠢᠨ ᠦᠳᠡ ᠶᠢᠨ ᠡᠮᠦᠨᠡᠬᠢ 10᠄ 30 - 11᠄ 00 ᠴᠠᠭ ᠲᠤ᠂ ᠠᠪᠤᠷᠭᠤ ᠭᠦᠷᠪᠡᠯ ᠤᠨ ᠮᠦᠽᠧᠶ ᠶᠢᠨ ᠦᠨᠳᠦᠰᠦᠲᠡᠨ ᠤ ᠳᠠᠭᠤᠤ ᠪᠥᠵᠢᠭ ᠤᠨ ᠦᠵᠡᠭᠦᠯᠦᠯᠭᠡ ᠶᠢ ᠲᠣᠭᠯᠠᠵᠤ᠂ ᠵᠤᠭᠠᠴᠠᠭᠰᠠᠳ ᠢ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠭᠤᠷᠢᠯ ᠳᠤᠮᠳᠠ᠂ ᠲᠠᠯ᠎ᠠ ᠨᠤᠲᠤᠭ ᠤᠨ ᠰᠣᠶᠣᠯ ᠤᠨ ᠮᠢᠩᠭᠠᠨ ᠵᠢᠯ ᠤᠨ ᠴᠤᠤᠷᠢᠶ᠎ᠠ ᠶᠢ ᠰᠣᠨᠣᠰᠪᠠ᠃ ᠦᠯᠦᠭ ᠬᠦᠷᠪᠡᠯ ᠤᠨ ᠮᠦᠽᠧᠢ ᠳᠤ ᠣᠷᠣᠵᠤ᠂ ᠦᠨᠡᠨ ᠴᠠᠷᠳᠠ ᠶᠢᠨ ᠭᠠᠯᠪᠠ ᠶᠢᠨ ᠪᠠᠶᠢᠳᠠᠯ ᠢ ᠨᠡᠪᠲᠡᠯᠦᠨ᠂ ᠠᠪᠤᠷᠭᠤ ᠬᠦᠷᠪᠡᠯ ᠤᠨ ᠵᠠᠭᠪᠤᠷ ᠳᠣᠣᠷ᠎ᠠ ᠳᠠᠭᠤᠨ ᠢᠶᠠᠷ ᠠᠶᠠᠯᠠᠨ᠂ ᠬᠠᠷᠢᠯᠴᠠᠨ ᠦᠢᠯᠡᠳᠦᠯᠴᠡᠬᠦ ᠲᠥᠬᠦᠭᠡᠷᠦᠮᠵᠢ ᠶᠢ ᠰᠡᠷᠭᠦᠭᠡᠨ ᠴᠢᠯᠠᠭᠤᠵᠢᠮᠠᠯ ᠲᠤᠬᠠᠢ ᠶᠢᠨ ᠲᠠᠯᠠᠪᠠᠢ ᠶᠢ ᠨᠡᠭᠡᠭᠡᠵᠦ᠂ ᠴᠠᠷᠳᠠ ᠶᠢᠨ ᠭᠠᠯᠪᠠ ᠶᠢᠨ ᠴᠠᠭ ᠦᠶ᠎ᠡ ᠳᠤ ᠵᠣᠷᠴᠢᠬᠤ ᠭᠠᠶᠢᠬᠠᠮᠰᠢᠭᠳᠦ ᠣᠶᠢᠯᠠᠭᠠᠯᠳᠠ ᠪᠣᠢ᠃
      ᠣᠶᠢᠯᠠᠭᠠᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠢᠳᠡᠭᠡᠨ ᠤᠮᠳᠠᠭᠠᠨ ᠤ ᠦᠢᠯᠡᠰ᠂ ᠬᠤᠨᠣᠭᠯᠠᠬᠤ ᠦᠢᠯᠡᠰ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠯᠬᠦᠮ ᠨᠡᠶᠢᠲᠡ ᠶᠢᠨ ᠵᠢᠭᠤᠯᠴᠢᠯᠠᠭᠴᠢᠳ ᠲᠤ ᠦᠷᠭᠦᠯᠵᠢᠯᠡᠨ ︽ᠰᠣᠶᠣᠯ ᠵᠢᠭᠤᠯᠴᠢᠯᠠᠯ︾ ᠤᠨ ᠳᠠᠪᠬᠤᠷ ᠠᠵᠢᠯᠯᠠᠭ᠎ᠠ ᠥᠷᠨᠢᠭᠦᠯᠵᠦ᠂ ᠨᠠᠢᠮᠠᠨ ᠵᠣᠪᠬᠢᠰ ᠤᠨ ᠵᠢᠭᠤᠯᠴᠢᠯᠠᠭᠴᠢᠳ ᠲᠤ ︽ᠰᠣᠶᠣᠯ ᠵᠢᠭᠤᠯᠴᠢᠯᠠᠯ︾ ᠤᠨ ᠳᠠᠪᠬᠤᠷ ᠪᠠᠶᠠᠰᠤᠯ ᠬᠦᠷᠭᠡᠵᠦ᠂ ᠵᠢᠭᠤᠯᠴᠢᠯᠠᠭᠴᠢᠳ ᠢ ᠨᠢᠳᠦ ᠪᠠᠷ ᠢᠶᠠᠨ ᠬᠢᠯᠢ ᠶᠢᠨ ᠥᠩᠭᠡ ᠦᠵᠡᠮᠵᠢ ᠶᠢ ᠬᠠᠳᠠᠭᠠᠯᠠᠭᠤᠯᠵᠤ᠂ ᠬᠡᠯᠡ ᠪᠠᠷ ᠢᠶᠠᠨ ᠲᠠᠯ᠎ᠠ ᠨᠤᠲᠤᠭ ᠤᠨ ᠦᠨᠦᠷ ᠠᠮᠲᠠ ᠶᠢ ᠴᠡᠭᠡᠵᠢᠯᠡᠵᠦ᠂ ᠦᠵᠡᠮᠵᠢ ᠶᠢᠨ ᠣᠷᠣᠨ ᠤ ᠰᠦᠷᠯᠢᠭ ᠰᠠᠶᠢᠬᠠᠨ ᠪᠣᠯᠣᠨ ᠮᠠᠯᠴᠢᠨ ᠠᠶᠢᠯ ᠤᠨ ᠵᠤᠭ᠎ᠠ ᠴᠡᠩᠭᠡᠯ ᠳᠤᠮᠳᠠ ᠤᠮᠠᠷᠠᠲᠤ ᠬᠢᠯᠢ ᠶᠢᠨ ᠬᠠᠮᠤᠭ ᠤᠨ ᠰᠢᠨ᠎ᠡ ᠠᠮᠠᠷᠠᠯᠲᠠ ᠶᠢᠨ ᠬᠤᠭᠤᠴᠠᠭ᠎ᠠ ᠲᠠᠭᠠᠷᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号