| | | ᠪᠣᠭᠤᠮᠲᠠ ᠶᠢᠨ ᠵᠢᠵᠢᠭ ᠬᠤᠲᠠ ᠳᠤ ᠬᠠᠨᠠᠭᠠᠷ ᠭᠡᠳᠡᠭ ᠰᠠᠶᠢᠯᠣᠮᠡᠯᠴᠢᠨ ᠪᠤᠶ᠃ ᠲᠡᠷᠡ ᠬᠢᠲᠤᠭ᠎ᠠ ᠪᠠᠷ ᠪᠢᠷ | ᠬᠢᠵᠦ ᠮᠣᠳᠣ ᠪᠠᠷ ᠴᠠᠭᠠᠰᠤ ᠬᠢᠵᠦ᠂ ᠦᠨᠳᠦᠰᠦᠲᠡᠨ ᠤ ᠳᠤᠷᠠᠳᠬᠠᠯ ᠪᠠ ᠤᠷᠠᠯᠢᠭ ᠤᠨ ᠰᠦᠨᠡᠰᠦ ᠪᠠᠨ ᠴᠠᠭ | ᠮᠥᠴᠡ ᠳᠤ ᠰᠡᠶᠢᠯᠵᠡᠶ᠃ ᠬᠠᠪᠤᠷ ᠨᠠᠮᠤᠷ ᠡᠷᠭᠢᠯᠳᠦᠪᠡᠯ᠂ ᠲᠡᠷᠡ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ | ᠡᠷᠲᠡᠨ ᠤ ᠰᠡᠶᠢᠯᠦᠮᠡᠯ ᠤᠨ ᠤᠷ᠎ᠠ ᠮᠡᠷᠭᠡᠵᠢᠯ ᠤᠨ ᠤᠴᠢ ᠶᠢ ᠰᠠᠬᠢᠨ ᠬᠠᠮᠠᠭᠠᠯᠠᠵᠤ᠂ ᠤᠯᠠᠮᠵᠢᠯᠠᠯᠲᠤ ᠰᠣᠶᠣᠯ ᠢ ᠰᠢᠨ᠎ᠡ | ᠴᠠᠭ ᠦᠶ᠎ᠡ ᠳᠤ ᠭᠡᠷᠡᠯ ᠭᠢᠯᠪᠠᠭ᠎ᠠ ᠰᠠᠴᠤᠷᠠᠭᠤᠯᠪᠠ᠃ | | | | | | | ᠬᠠᠨ᠎ᠠ ᠶᠢᠨ ᠠᠵᠢᠯᠯᠠᠬᠤ ᠲᠠᠰᠤᠭ ᠲᠤ ᠣᠷᠣᠬᠤ ᠳᠤ᠂ ᠶᠠᠭ ᠯᠠ ᠤᠷᠠᠯᠢᠭ ᠤᠨ ᠡᠷᠳᠡᠨᠢᠰ ᠤᠨ ᠰᠠᠩ ᠳᠤ | ᠣᠷᠣᠵᠤ᠂ ᠬᠠᠨ᠎ᠠ᠂ ᠳᠡᠯᠭᠡᠨ ᠦᠵᠡᠭᠦᠯᠬᠦ ᠲᠠᠯᠪᠢᠭᠤᠷ ᠳᠡᠭᠡᠷ᠎ᠡ ᠶᠠᠩᠵᠤ ᠪᠦᠷᠢ ᠶᠢᠨ ᠰᠡᠶᠢᠯᠦᠮᠡᠯ ᠭᠠᠷ ᠤᠷᠠᠯᠠᠯ ᠤᠨ | ᠪᠦᠲᠦᠭᠡᠭᠳᠡᠬᠦᠨ ᠬᠦᠮᠦᠰ ᠤᠨ ᠠᠩᠬᠠᠷᠤᠯ ᠢ ᠲᠠᠲᠠᠨ᠎ᠠ᠃ ᠨᠠᠷᠢᠯᠢᠭ ᠵᠢᠷᠤᠭᠠᠰᠤ ᠪᠣᠯᠤᠨ ᠥᠪᠡᠷᠮᠢᠴᠡ ᠵᠠᠭᠪᠤᠷ ᠨᠢ ᠭᠠᠷ | ᠤᠷᠠᠯᠠᠯ ᠤᠨ ᠪᠦᠲᠦᠭᠡᠭᠳᠡᠬᠦᠨ ᠨᠢᠭᠡᠪᠦᠷᠢ ᠨᠢ ᠭᠠᠵᠠᠷ ᠣᠷᠣᠨ ᠤ ᠰᠣᠶᠣᠯ ᠤᠨ ᠭᠦᠨ ᠠᠭᠤᠯᠭ᠎ᠠ ᠶᠢ ᠳᠠᠮᠵᠢᠭᠤᠯᠵᠤ | ᠪᠠᠶᠢᠳᠠᠭ᠃ | ᠬᠠᠨᠠᠭᠠᠷ ᠬᠡᠯᠡᠭᠰᠡᠨ ᠨᠢ᠄ ︽ᠪᠠᠭ᠎ᠠ ᠪᠠᠶᠢᠬᠤ ᠳᠤ ᠪᠢ ᠦᠷᠭᠦᠯᠵᠢ ᠡᠪᠦᠭᠡ ᠶᠢᠨ ᠢᠶᠠᠨ ᠰᠡᠶᠢᠯᠦᠮᠡᠯ ᠢ ᠦᠵᠡᠳᠡᠭ᠂ | ᠡᠶᠢᠮᠦ ᠪᠣᠯᠪᠠᠴᠤ ᠮᠢᠨᠦ ᠡᠷᠳᠡᠮ ᠰᠤᠷᠬᠤ ᠵᠠᠮ ᠪᠠᠰᠠ ᠲᠡᠶᠢᠮᠦ ᠤᠷᠤᠭᠰᠢᠲᠠᠶ ᠪᠢᠰᠢ᠃ ᠡᠬᠢᠯᠡᠵᠦ ᠰᠡᠶᠢᠯᠬᠦ ᠦᠶ᠎ᠡ ᠳᠤ | ᠬᠤᠷᠤᠭᠤ ᠪᠠᠨ ᠦᠷᠭᠦᠯᠵᠢ ᠬᠡᠮᠳᠦᠬᠡᠳᠡᠭ᠃ ᠭᠡᠪᠡᠴᠦ ᠦᠨᠳᠦᠰᠦᠲᠡᠨ ᠤ ᠲᠡᠦᠬᠡ ᠪᠠ ᠢᠲᠡᠭᠡᠯ ᠪᠢᠰᠢᠷᠡᠯ ᠢ | ᠠᠴᠢᠶᠠᠯᠠᠵᠤ ᠪᠠᠶᠢᠬᠤ ᠶᠢ ᠪᠣᠳᠣᠪᠠᠯ᠂ ᠪᠢ ᠢᠮᠠᠭᠲᠠ ᠪᠠᠷᠢᠮᠲᠠᠯᠠᠭᠰᠠᠭᠠᠷ ᠢᠷᠡᠵᠡᠶ᠃ | ᠡᠳᠦᠷᠵᠢᠨ ᠰᠥᠨᠢᠵᠢᠨ ᠬᠠᠨ᠎ᠠ ᠶᠢᠨ ᠭᠠᠯ ᠳᠤ ᠬᠢᠲᠤᠭ᠎ᠠ ᠪᠠᠷ ᠰᠡᠶᠢᠯᠬᠦ ᠬᠠᠷᠠᠭᠠᠰᠤ᠂ ᠡᠷᠴᠢᠮ ᠪᠠ ᠠᠶᠢᠵᠠᠮ ᠢ | ᠲᠠᠬᠢᠨ ᠳᠠᠪᠲᠠᠨ ᠪᠣᠯᠪᠠᠰᠤᠷᠠᠭᠰᠠᠨ ᠠᠴᠠ᠂ ᠠᠭᠠᠵᠢᠮ ᠢᠶᠠᠷ ᠲᠡᠭᠦᠨ ᠤ ᠪᠥᠲᠥᠭᠡᠯ ᠨᠢ ᠤᠶᠠᠨ ᠬᠠᠳᠠᠨ ᠪᠣᠯᠣᠨ | ᠬᠤᠪᠢᠷᠠᠨ᠂ ᠲᠠᠯ᠎ᠠ ᠨᠤᠲᠤᠭ ᠤᠨ ᠦᠬᠡᠷ ᠬᠤᠨᠢ᠂ ᠣᠭᠲᠠᠷᠭᠤᠢ ᠶᠢᠨ ᠡᠭᠦᠯᠡ᠂ ᠮᠠᠯᠴᠢᠳ ᠤᠨ ᠠᠮᠢᠳᠤᠷᠠᠯ ᠤᠨ | ᠪᠠᠶᠢᠳᠠᠯ ᠢ ᠠᠵᠢᠭᠯᠠᠨ ᠲᠤᠰᠤᠯ᠎ᠠ᠃ | ᠤᠯᠠᠮᠵᠢᠯᠠᠯᠲᠤ ᠰᠡᠶᠢᠯᠦᠮᠡᠯ ᠤᠷ᠎ᠠ ᠮᠡᠷᠭᠡᠵᠢᠯ ᠤᠨ ᠵᠠᠮ ᠳᠡᠭᠡᠷ᠎ᠡ᠂ ᠬᠠᠨᠠᠭᠠᠷ ᠰᠠᠨᠠᠭᠠᠴᠢᠯᠠᠭ᠎ᠠ ᠠᠴᠠ ᠪᠠᠨ | ᠬᠤᠪᠢᠷᠠᠯᠲᠠ ᠶᠢ ᠡᠷᠢᠯᠬᠢᠯᠡᠵᠦ᠂ ᠣᠳᠣ ᠦᠶ᠎ᠡ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠤᠯᠠᠮᠵᠢᠯᠠᠯᠲᠤ | ᠰᠡᠶᠢᠯᠦᠮᠡᠯ ᠳᠤ ᠠᠭᠤᠰᠬᠠᠨ ᠣᠷᠣᠭᠤᠯᠵᠤ᠂ ᠬᠡᠶᠢᠰᠪᠦᠷᠢ ᠵᠢᠷᠤᠭᠠᠰᠤ ᠪᠠᠷ ᠲᠠᠯ᠎ᠠ ᠨᠤᠲᠤᠭ ᠤᠨ ᠰᠣᠶᠣᠯ ᠢ | ᠲᠠᠶᠢᠯᠪᠤᠷᠢᠯᠠᠵᠤ᠂ ᠦᠨᠳᠦᠰᠦᠲᠡᠨ ᠤ ᠣᠨᠴᠠᠯᠢᠭ ᠪᠠ ᠴᠠᠭ ᠦᠶ᠎ᠡ ᠶᠢᠨ ᠲᠥᠷᠥᠭᠳᠡᠯ ᠲᠠᠢ ᠪᠦᠲᠦᠭᠡᠯ ᠢ ᠵᠣᠬᠢᠶᠠᠨ | ᠪᠦᠲᠦᠭᠡᠪᠡ᠃ ᠵᠢᠷᠤᠵᠤ ᠲᠥᠯᠥᠪᠯᠡᠭᠰᠡᠨ ᠮᠣᠩᠭᠤᠯ ᠭᠡᠷ ᠤᠨ ᠬᠡ ᠤᠭᠠᠯᠵᠠ ᠲᠠᠢ ᠵᠠᠰᠠᠯ ᠴᠢᠮᠡᠭᠯᠡᠯ ᠤᠨ ᠬᠠᠶᠢᠷᠴᠠᠭ᠂ | ᠳᠦᠷᠰᠦ ᠪᠦᠲᠦᠭᠡᠯᠲᠡ ᠶᠢᠨ ᠰᠡᠯᠪᠢᠭ ᠲᠣᠨᠤᠭ ᠨᠢ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ | ᠪᠣᠷᠣᠯᠠᠭᠤᠯᠭ᠎ᠠ ᠰᠠᠶᠢᠲᠠᠶ ᠪᠠᠶᠢᠬᠤ ᠪᠠᠷ ᠪᠠᠷᠠᠬᠤ ᠥᠬᠡᠶ᠂ ᠨᠠᠩ ᠴᠤ ᠲᠠᠯ᠎ᠠ ᠨᠤᠲᠤᠭ ᠠᠴᠠ ᠭᠠᠷᠴᠤ ᠣᠯᠠᠨᠲᠠ ᠢᠷᠠᠭᠤ | ᠠᠯᠳᠠᠷ ᠣᠯᠵᠤ᠂ ᠥᠨᠢ ᠡᠷᠲᠡᠨ ᠤ ᠤᠷ᠎ᠠ ᠮᠡᠷᠭᠡᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠤᠳᠤᠬᠠᠨ ᠳᠤ᠂ ᠬᠠᠨ᠎ᠠ ᠶᠢᠨ ᠠᠵᠢᠯᠯᠠᠬᠤ ᠲᠠᠰᠤᠭ ᠲᠤ᠂ ᠭᠠᠷ ᠤᠷᠠᠯᠠᠯ ᠤᠨ ᠪᠦᠲᠦᠭᠡᠭᠳᠡᠬᠦᠨ ᠨᠢᠭᠡᠪᠦᠷᠢ | ᠴᠥᠮ ᠤᠨ ᠰᠠᠷ᠎ᠠ ᠶᠢᠨ ᠦᠯᠢᠭᠡᠷ ᠢᠶᠠᠨ ᠶᠠᠷᠢᠵᠤ ᠪᠠᠶᠢᠨ᠎ᠠ᠃ ᠭᠡᠲᠡᠯ᠎ᠡ ᠲᠡᠷᠡ ᠪᠠᠰᠠ ᠯᠠ ᠶᠠᠳᠠᠷᠠᠯ ᠵᠦᠳᠡᠷᠡᠯ | ᠦᠭᠡᠢ ᠪᠠᠷ ᠮᠣᠳᠣ ᠰᠠᠶᠢᠯᠬᠦ ᠪᠠᠷ ᠪᠠᠷᠠᠬᠤ ᠦᠭᠡᠢ ᠰᠤᠶᠤᠯ ᠤᠨ ᠤᠯᠠᠮᠵᠢᠯᠠᠯ ᠤᠨ ᠢᠷᠡᠭᠡᠳᠦᠢ ᠶᠢ ᠴᠦ ᠰᠡᠶᠢᠯᠵᠦ | ᠪᠠᠶᠢᠭ᠎ᠠ ᠶᠤᠮ ᠪᠠᠶᠢᠨ᠎ᠠ᠃ |