【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠭ᠎ᠠ ᠴᠠᠭ 】 ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠢ ᠪᠠᠷᠠᠭ᠎ᠠ ᠲᠡᠭᠡᠭᠡᠪᠦᠷᠢᠯᠡᠬᠦ ᠣᠷᠭᠢᠯ ᠤᠨ ᠦᠶ᠎ᠡ ᠶᠢ ᠤᠭᠲᠤᠨ ᠪᠠᠶᠢᠯᠳᠤᠪᠠ︕ ᠡᠷᠢᠶᠡᠨ ᠬᠢᠯᠢ ᠶᠢᠨ ᠪᠠᠶᠢᠴᠠᠭᠠᠬᠤ ᠥᠷᠲᠡᠭᠡ ᠪᠥᠬᠦ ᠬᠦᠴᠦᠨ ᠢᠶᠠᠷ ᠢᠶᠠᠨ ᠪᠣᠭᠤᠮᠲᠠ ᠪᠠᠷ ᠥᠩᠭᠡᠷᠡᠬᠦ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2025/5/6
      ᠲᠠᠪᠤᠨ ᠰᠠᠷ᠎ᠠ ᠶᠢᠨ ᠨᠢᠭᠡᠨ ᠤ ᠤᠯᠠᠨ ᠤᠯᠤᠰ ᠤᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠶᠠᠭᠠᠷᠠᠯᠲᠠᠢ ᠴᠠᠭ ᠬᠤᠭᠤᠴᠠᠭ᠎ᠠ ᠶᠢ ᠤᠭᠲᠤᠨ ᠠᠪᠴᠢᠷᠠᠵᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠰᠦᠯᠵᠢᠯᠳᠦᠵᠦ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠣᠭᠤᠮᠲᠠ ᠪᠠᠷ ᠥᠩᠭᠡᠷᠡᠬᠦ ᠥᠨᠳᠥᠷ ᠪᠦᠲᠦᠮᠵᠢᠲᠡᠢ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃
      ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠳᠤᠮᠳᠠᠳᠤ ᠮᠣᠩᠭᠤᠯ ᠤᠨ ᠬᠢᠯᠢ ᠳᠡᠭᠡᠷᠡᠬᠢ ᠬᠠᠮᠤᠭ ᠤᠨ ᠶᠠᠭᠠᠷᠠᠤ ᠠᠷᠠᠯᠵᠢᠶᠠᠨ ᠤ ᠵᠠᠮ ᠤᠨ ᠨᠢᠭᠡ ᠪᠣᠯᠤᠨ᠎ᠠ᠃ 4 ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ ᠭᠤᠷᠪᠠᠨ ᠡᠳᠦᠷ ᠵᠠᠯᠭᠠᠵᠤ᠂ ᠡᠳᠦᠷ ᠪᠦᠷᠢ ᠶᠢᠨ ᠪᠠᠷᠠᠭᠠᠨ ᠤ ᠲᠡᠷᠭᠡ ᠶᠢᠨ ᠪᠠᠶᠢᠴᠠᠭᠠᠨ ᠰᠢᠯᠭᠠᠭᠰᠠᠨ ᠬᠡᠮᠵᠢᠶ᠎ᠡ ᠴᠥᠮ ᠮᠢᠩᠭᠠᠨ ᠶᠡᠭᠡ ᠪᠣᠭᠤᠮᠲᠠ ᠶᠢ ᠳᠠᠪᠠᠭᠰᠠᠨ ᠪᠠᠶᠢᠨ᠎ᠠ᠃ ᠲᠡᠷᠭᠡ ᠬᠥᠰᠬᠡ ᠶᠢ ᠲᠥᠪᠯᠡᠷᠡᠭᠦᠯᠦᠨ ᠪᠣᠭᠤᠮᠲᠠ ᠪᠠᠷ ᠥᠩᠭᠡᠷᠡᠭᠦᠯᠬᠦ ᠣᠷᠭᠢᠯ ᠤᠨ ᠡᠮᠦᠨ᠎ᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠢᠵᠢᠭᠦᠷᠯᠡᠬᠦ ᠴᠠᠭᠳᠠᠭᠠᠨ ᠤ ᠬᠦᠴᠦᠨ ᠢ ᠴᠠᠭ ᠲᠤᠬᠠᠶ ᠳᠤᠨᠢ ᠳᠣᠭᠢᠷᠠᠭᠤᠯᠵᠤ᠂ ᠪᠠᠶᠢᠴᠠᠭᠠᠨ ᠰᠢᠯᠭᠠᠬᠤ ᠵᠠᠮ ᠢ ᠭᠦᠶ᠋ᠴᠡᠳ ᠨᠡᠭᠡᠭᠡᠵᠦ᠂ ︽ᠬᠢᠯᠢ ᠶᠢᠨ ᠪᠠᠶᠢᠴᠠᠭᠠᠯᠲᠠ ᠨᠡᠪᠲᠡᠷᠡᠬᠦ︾ ᠳᠠᠩᠰᠠᠯᠠᠭᠤᠯᠤᠯᠲᠠ ᠶᠢ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠬᠡᠷᠡᠭᠯᠡᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠢᠮᠢᠰ ᠢᠳᠡᠰᠢᠨ ᠨᠣᠭᠤᠭ᠎ᠠ ᠰᠢᠨ᠎ᠡ ᠰᠣᠷᠭᠤᠭ ᠪᠠᠶᠢᠬᠤ ᠵᠡᠷᠭᠡ ᠡᠳ᠋ ᠪᠠᠷᠠᠭᠠᠨ ᠤ ︽ᠰᠠᠭᠠᠳ ᠥᠬᠡᠶ ᠨᠡᠪᠲᠡᠷᠡᠬᠦ ᠵᠠᠮ︾᠂ ︽ᠳᠠᠷᠤᠶ ᠪᠠᠶᠢᠴᠠᠭᠠᠨ ᠰᠢᠯᠭᠠᠬᠤ︾᠂ ︽ᠨᠢᠭᠡ ᠥᠷᠲᠡᠭᠡ ᠪᠠᠷ ᠪᠠᠶᠢᠴᠠᠭᠠᠨ ᠰᠢᠯᠭᠠᠬᠤ︾ ᠵᠡᠷᠭᠡ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠣᠭᠤᠮᠲᠠ ᠪᠠᠷ ᠥᠩᠭᠡᠷᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠣᠭᠤᠮᠲᠠ ᠪᠠᠷ ᠥᠩᠭᠡᠷᠡᠬᠦ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃       ᠪᠦᠷᠢᠳᠬᠡᠯ ᠢ ᠦᠨᠳᠦᠰᠦᠯᠡᠪᠡᠯ᠂ 4 ᠰᠠᠷ᠎ᠠ ᠶᠢᠨ 30 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨ ᠨᠡᠶᠢᠲᠡ 22.6 ᠲᠦᠮᠡᠨ ᠵᠠᠮ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠪᠠᠶᠢᠴᠠᠭᠠᠨ ᠰᠢᠯᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 29.1% ᠪᠠᠷ ᠨᠡᠮᠡᠭᠳᠡᠪᠡ᠃ ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠶᠢᠨ ᠦᠷᠭᠦᠯᠵᠢᠯᠡᠨ ᠨᠡᠮᠡᠭᠳᠡᠯ ᠨᠢ ᠡᠷᠢᠶᠡᠨ ᠪᠣᠭᠤᠮᠲᠠ ᠶᠢᠨ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠣᠭᠤᠮᠲᠠ ᠶᠢᠨ ᠠᠵᠤ ᠠᠬᠤᠶ ᠶᠢᠨ ᠴᠡᠴᠡᠭᠯᠡᠨ ᠬᠥᠭᠵᠢᠭᠰᠡᠨ ᠪᠠᠶᠢᠳᠠᠯ ᠢ ᠢᠯᠡᠷᠡᠭᠦᠯᠪᠡ᠃      ᠪᠠᠶᠠᠷ ᠤᠨ ᠡᠳᠦᠷ ᠤᠨ ᠬᠤᠭᠤᠴᠠᠭᠠᠨ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠤᠯᠤᠰ ᠤᠨ ᠡᠭᠦᠳᠡ ᠶᠢᠨ ᠨᠢᠭᠡᠳᠦᠭᠡᠷ ᠹᠷᠣᠨᠲ ᠲᠤ ᠢᠮᠠᠭᠲᠠ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠥᠨᠳᠥᠷ ᠲᠦᠪᠰᠢᠨ ᠢᠶᠠᠷ ᠭᠦᠶ᠋ᠴᠡᠳᠬᠡᠵᠦ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠢᠯᠢ ᠪᠠᠷ ᠣᠷᠣᠵᠤ ᠭᠠᠷᠬᠤ ᠡᠮᠬᠢ ᠳᠢᠭᠯᠢᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号