| | | 5 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠵᠠᠮ ᠬᠠᠷᠢᠯᠴᠠᠭᠠᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ ᠶᠢᠨ ᠡᠷᠢᠶᠡᠨ ᠬᠤᠲᠠ ᠶᠢᠨ | ᠰᠦᠢᠳᠭᠡᠯ ᠬᠤᠷᠢᠶᠠᠬᠤ ᠭᠠᠵᠠᠷ ᠪᠠ ᠰᠢᠯᠢ ᠶᠢᠨ ᠭᠤᠣᠯ ᠠᠶᠢᠮᠠᠭ ᠤᠨ ᠵᠠᠰᠠᠮᠠᠯ ᠵᠠᠮ ᠤᠨ ᠲᠡᠷᠭᠡ ᠨᠡᠪᠲᠡᠷᠡᠬᠦ | ᠰᠦᠢᠳᠭᠡᠯ ᠬᠤᠷᠢᠶᠠᠬᠤ ᠥᠷᠲᠡᠭᠡ ᠠᠴᠠ ᠣᠶᠢᠯᠠᠭᠠᠵᠦ ᠮᠡᠳᠡᠭᠰᠡᠨ ᠨᠢ᠂ ᠬᠤᠶᠠᠷ ᠰᠦᠢᠳᠭᠡᠯ ᠬᠤᠷᠢᠶᠠᠬᠤ ᠥᠷᠲᠡᠭᠡ | ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠨᠠᠶᠢᠳᠠ 7 ᠰᠠᠭᠤᠳᠠᠯ ᠠᠴᠠ ᠳᠣᠷᠣᠭᠰᠢ ︵7 | ᠰᠠᠭᠤᠷᠢ ᠪᠠᠭᠲᠠᠨ᠎ᠠ︶ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠨᠠᠶᠢᠳᠠ 15160 ᠪᠠᠶᠢᠵᠦ᠂ ᠨᠠᠶᠢᠳᠠ | 341600 ᠲᠥᠭᠦᠷᠢᠭ ᠤᠨ ᠨᠡᠪᠲᠡᠷᠡᠬᠦ ᠰᠦᠢᠳᠭᠡᠯ ᠢ ᠬᠤᠷᠢᠶᠠᠬᠤ ᠦᠭᠡᠢ ᠨᠡᠪᠳᠡᠷᠡᠬᠦᠯᠵᠠᠢ᠃ | ᠡᠨᠡ ᠵᠢᠯ ᠤᠨ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ | ᠰᠦᠢᠳᠭᠡᠯ ᠬᠤᠷᠢᠶᠠᠬᠤ ᠵᠠᠰᠠᠮᠠᠯ ᠵᠠᠮ ᠦᠷᠭᠦᠯᠵᠢᠯᠡᠨ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠨᠡᠪᠲᠡᠷᠡᠬᠦ | ᠰᠦᠢᠳᠭᠡᠯ ᠬᠤᠷᠢᠶᠠᠬᠤ ᠦᠭᠡᠢ᠃ ᠰᠦᠢᠳᠭᠡᠯ ᠬᠤᠷᠢᠶᠠᠬᠤ ᠦᠭᠡᠶ ᠪᠠᠷ ᠨᠡᠪᠲᠡᠷᠡᠭᠦᠯᠬᠦ ᠴᠠᠭ ᠨᠢ 5 ᠰᠠᠷ᠎ᠠ ᠶᠢᠨ 1 ᠤ | ᠡᠳᠦᠷ ᠤᠨ 00᠄ 00 ᠠᠴᠠ 5 ᠰᠠᠷ᠎ᠠ ᠶᠢᠨ 5 ᠤ ᠡᠳᠦᠷ ᠤᠨ 24᠄ 00 ᠴᠠᠭ ᠪᠣᠯᠤᠨ᠎ᠠ᠃ ᠪᠠᠶᠠᠷ ᠤᠨ | ᠡᠳᠦᠷ ᠤᠨ ᠬᠤᠭᠤᠴᠠᠭᠠᠨ ᠳᠤ ᠵᠠᠰᠠᠮᠠᠯ ᠵᠠᠮ ᠤᠨ ᠠᠮᠤᠷ ᠲᠦᠪᠰᠢᠨ᠂ ᠳᠥᠭᠦᠮ ᠳᠥᠲᠡ᠂ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠶᠢᠨ ᠳᠣᠯᠠᠳᠠ᠂ ᠡᠯ᠎ᠡ ᠰᠦᠢᠳᠬᠡᠯ ᠬᠤᠷᠢᠶᠠᠬᠤ ᠥᠷᠲᠡᠭᠡ ᠰᠦᠢᠳᠬᠡᠯ ᠬᠤᠷᠢᠶᠠᠬᠤ ᠥᠬᠡᠶ | ᠨᠡᠪᠲᠡᠷᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠨᠡᠪᠲᠡᠷᠡᠬᠦ | ᠰᠠᠨᠠᠭᠤᠯᠤᠮᠵᠢ ᠶᠢᠨ ᠳ᠋ᠧᠩ ᠨᠡᠭᠡᠭᠡᠬᠦ᠂ 24 ᠴᠠᠭ ᠢᠶᠠᠷ ᠵᠢᠵᠢᠭᠦᠷᠯᠡᠨ ᠲᠣᠭᠤᠷᠢᠨ ᠪᠠᠶᠢᠴᠠᠭᠠᠬᠤ᠂ ᠰᠥᠨᠢ ᠶᠢᠨ | ᠭᠡᠷᠡᠯᠲᠦᠭᠦᠯᠭᠡ ᠶᠢ ᠨᠡᠶᠢᠳᠡᠮ ᠪᠦᠷᠬᠦᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠡᠷᠭᠡ ᠬᠥᠰᠬᠡ ᠶᠢ | ᠲᠦᠷᠭᠡᠨ ᠥᠩᠭᠡᠷᠡᠭᠦᠯᠬᠦ ᠶᠢ ᠪᠠᠲᠤᠯᠠᠵᠤ᠂ ᠣᠯᠠᠨ ᠲᠦᠮᠡᠨ ᠤ ᠪᠠᠶᠠᠷ ᠤᠨ ᠡᠳᠦᠷ ᠤᠨ ᠶᠠᠪᠤᠵᠤ ᠰᠠᠭᠤᠬᠤ | ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠪᠠ᠃ |