ᠰᠢ ᠶᠢᠨ ᠫᠢᠩ ᠪᠣᠯᠣᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠺᠧᠰᠲ᠋ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ ᠆ ᠧᠨ ᠳᠤᠮᠳᠠᠳᠤ ᠡᠸᠦ᠋ᠷᠦᠫᠡ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/5/7
      ᠯᠢ ᠴᠢᠶᠠᠩ ᠪᠣᠯᠣᠨ ᠺᠧᠰᠲ᠋ᠠ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ       ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠺᠧᠰᠲ᠋ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃       ᠰᠢ ᠶᠢᠨ ᠫᠢᠩ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠪᠠᠰᠠ ᠴᠤ ᠤᠯᠠᠨ ᠲᠦᠢᠯᠵᠢᠯᠳᠡ ᠶᠢ ᠠᠬᠢᠭᠤᠯᠬᠤ ᠬᠤᠶᠠᠷ ᠶᠡᠭᠡ ᠬᠦᠴᠦᠨ ᠮᠥᠨ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ ᠮᠥᠨ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠳᠠᠬᠢ ᠶᠠᠪᠤᠯᠴᠠᠭ᠎ᠠ ᠨᠢᠭᠲᠠᠷᠠᠵᠤ᠂ ᠶᠠᠷᠢᠯᠴᠠᠭ᠎ᠠ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠠᠮᠢᠳᠤᠯᠢᠭ ᠰᠠᠶᠢᠬᠠᠨ ᠶᠠᠪᠤᠭᠳᠠᠵᠤ᠂ ᠤᠯᠠᠨ ᠲᠠᠯ᠎ᠠ ᠶᠢᠨ ᠵᠣᠬᠢᠴᠠᠭᠤᠯᠭ᠎ᠠ ᠭᠠᠷᠮᠠᠭᠠᠢ ᠦᠷ᠎ᠡ ᠪᠦᠲᠦᠮᠵᠢ ᠣᠯᠪᠠ᠃ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ᠃ ᠡᠷᠡᠭᠦᠯ ᠲᠣᠭᠲᠠᠭᠤᠨ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ ᠪᠠᠷ ᠪᠠᠷᠠᠬᠤ ᠦᠭᠡᠢ ᠳᠡᠯᠡᠬᠡᠢ ᠳ᠋ᠠᠬᠢᠨ ᠢ ᠭᠡᠷᠡᠯᠳᠦᠭᠦᠯᠦᠨ ᠭᠡᠶᠢᠭᠦᠯᠦᠨ᠎ᠡ᠃ ᠪᠢ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ ᠺᠧᠰᠲ᠋ᠠ ᠪᠣᠯᠣᠨ ᠲᠡᠷᠢᠭᠦᠯᠡᠭᠴᠢ ᠹᠧᠩᠳᠧᠯᠠᠶᠢ᠊ ᠆ ᠧᠨ ᠲᠠᠢ ᠬᠠᠮᠲᠤ ᠪᠠᠷ ᠴᠢᠷᠮᠠᠶᠢᠵᠤ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠶᠢᠨ ᠲᠤᠷᠰᠢᠯᠭ᠎ᠠ ᠶᠢ ᠳ᠋ᠦᠩᠨᠡᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠬᠠᠨᠢᠲᠠᠨ ᠤ ᠪᠠᠶᠢᠷᠢ ᠲᠣᠭᠲᠠᠭᠠᠯᠲᠠ ᠪᠠᠨ ᠪᠠᠬᠢᠵᠢᠭᠦᠯᠵᠦ᠂ ᠬᠠᠷᠢᠯᠴᠠᠨ ᠨᠡᠭᠡᠭᠡᠯᠲᠡ ᠬᠢᠬᠦ ᠪᠠᠨ ᠥᠷᠭᠡᠳᠬᠡᠵᠦ᠂ ᠵᠥᠷᠢᠯᠳᠦᠭᠡᠨ ᠢᠶᠠᠨ ᠲᠣᠬᠢᠲᠠᠢ ᠰᠢᠢᠳᠪᠦᠷᠢᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠳᠤᠮᠳᠠᠳᠤ ᠡᠸᠦ᠋ᠷᠦᠫᠡ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭᠯᠡᠯ ᠢ ᠡᠰᠡᠷᠭᠦᠴᠡᠵᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃       ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ ᠳᠤᠮᠳᠠᠳᠤ ᠤᠯᠤᠰ ᠲᠡᠦᠬᠡᠨ ᠳᠡᠭᠡᠷᠡᠬᠢ ᠬᠠᠮᠤᠭ ᠤᠨ ᠲᠦᠷᠭᠡᠨ ᠦᠷᠭᠦᠯᠵᠢᠯᠡᠭᠰᠡᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠵᠤ᠂ ᠬᠠᠷᠢᠯᠴᠠᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ ᠲᠠᠯ᠎ᠠ ᠶᠢᠨ ᠠᠷᠠᠳ ᠲᠦᠮᠡᠨ ᠤ ᠠᠵᠠ ᠵᠢᠷᠭᠠᠯ ᠪᠣᠯᠣᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠪᠡ᠃ ᠣᠳᠣᠬᠠᠨ ᠤ ᠪᠦᠭᠦ ᠪᠥᠮᠪᠥᠷᠴᠡᠭ ᠤᠨ ᠲᠣᠬᠲᠠᠭᠠᠯᠲᠦ ᠪᠤᠰᠤ ᠴᠢᠨᠠᠷ ᠪᠣᠯᠣᠨ ᠭᠠᠵᠠᠷ ᠣᠷᠣᠨ ᠤ ᠤᠯᠤᠰ ᠲᠦᠷᠦ ᠶᠢᠨ ᠬᠤᠪᠢᠷᠠᠯᠲᠠ ᠶᠢᠨ ᠠᠬᠤᠢ ᠪᠠᠶᠢᠳᠠᠯ ᠳᠣᠣᠷ᠎ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠠᠭᠠᠯᠠᠵᠤ᠂ ᠭᠠᠷ ᠬᠤᠯᠪᠣᠨ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ ᠪᠣᠯᠣᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃       ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠧᠰᠲ᠋ᠠ᠂ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ ᠬᠠᠷᠢᠯᠴᠠᠨ ᠬᠠᠷᠠᠭᠠᠯᠵᠠᠬᠤ ᠴᠢᠨᠠᠷ᠂ ᠪᠦᠭᠦ ᠪᠥᠮᠪᠥᠷᠴᠡᠭ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃       ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠨ ᠥᠷᠭᠡᠵᠢᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠦᠵᠡᠯ ᠪᠣᠯᠣᠨ ᠲᠣᠭᠲᠠᠭᠤᠨ ᠳᠡᠯᠡᠬᠡᠢ ᠶᠢᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠢᠯᠡᠳᠬᠡᠪᠡ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号