ᠯᠢ ᠴᠢᠶᠠᠩ ᠮᠦᠸᠧᠽᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠢᠳ᠋ᠷᠢᠰᠢ · ᠮᠦᠸᠧᠽᠢ ᠳᠤ ᠴᠠᠭᠢᠯᠭᠠᠨ ᠴᠢᠮᠡᠭᠡ ᠶᠠᠪᠤᠭᠤᠯᠵᠤ᠂ | ᠲᠡᠭᠦᠨ ᠤ ᠪᠦᠭᠦᠳᠠ ᠨᠠᠶᠢᠷᠠᠮᠳᠠᠬᠤ ᠬᠤᠯᠪᠣᠭᠠᠨ ᠤ ᠭᠧᠷᠮᠠᠨ ᠤᠯᠤᠰ ᠤᠨ ᠶᠡᠷᠦᠩᠬᠡᠢ ᠰᠠᠶᠢᠳ ᠢᠶᠠᠷ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ | ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 53 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ | ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠯᠴᠡᠬᠦ᠂ ᠡᠷᠬᠡ ᠲᠡᠭᠰᠢ ᠪᠠᠷ ᠬᠠᠨᠳᠤᠬᠤ ᠬᠠᠷᠢᠯᠴᠠᠭᠠᠨ ᠤ ᠵᠠᠮ ᠢ | ᠪᠠᠷᠢᠮᠲᠠᠯᠠᠵᠤ᠂ ᠢᠮᠠᠭᠲᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ᠂ ᠬᠠᠮᠲᠤ ᠪᠠᠷ ᠠᠰᠢᠭ ᠬᠦᠷᠲᠡᠵᠦ | ᠬᠥᠭᠵᠢᠬᠦ ᠬᠠᠮᠲᠤᠷᠠᠯᠴᠠᠭᠠᠨ ᠤ ᠵᠠᠮ ᠢᠶᠠᠷ ᠵᠠᠮᠨᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠬᠤ᠂ ᠬᠠᠷᠢᠯᠴᠠᠨ | ᠠᠮᠵᠢᠯᠲᠠ ᠣᠯᠬᠤ ᠰᠠᠶᠢᠨ ᠬᠠᠨᠢᠲᠠᠨ ᠪᠣᠯᠵᠤ᠂ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠪᠠᠷ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠣᠳᠣᠬᠠᠨ ᠤ ᠳᠡᠯᠡᠬᠡᠢ | ᠶᠢᠷᠲᠢᠨᠴᠦ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ ᠤᠷᠤᠰᠬᠠᠯ ᠰᠥᠷᠦᠨ ᠥᠨᠳᠡᠯᠵᠡᠵᠦ ᠪᠠᠶᠢᠭ᠎ᠠ ᠪᠤᠯᠪᠠᠴᠤ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠳᠡᠭᠦ ᠪᠣᠯ ᠮᠥᠨ ᠬᠦ ᠬᠥᠮᠥᠨ ᠤ ᠶᠢᠷᠲᠢᠨᠴᠦ ᠶᠢᠨ ᠵᠥᠪ ᠵᠠᠮ ᠪᠠ ᠬᠤᠷᠢᠭᠯᠠᠭᠳᠠᠰᠢ ᠦᠭᠡᠢ | ᠴᠠᠭ ᠦᠶ᠎ᠡ ᠶᠢᠨ ᠤᠷᠤᠰᠬᠠᠯ ᠪᠣᠯᠣᠨ᠎ᠠ᠃ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ | ᠴᠣᠭᠴᠠ ᠪᠣᠯᠣᠨ ᠪᠦᠭᠦ ᠪᠥᠮᠪᠥᠷᠴᠡᠭ ᠲᠤ ᠨᠥᠯᠥᠭᠡ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ | ᠭᠧᠷᠮᠠᠨ ᠬᠤᠶᠠᠷ ᠤᠯᠤᠰ ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ᠂ ᠲᠥᠪ ᠭᠤᠣᠯᠴᠢ ᠰᠢᠳᠤᠷᠭᠤ ᠶᠣᠰᠣ ᠶᠢ | ᠪᠠᠲᠤ ᠰᠠᠬᠢᠵᠤ᠂ ᠰᠣᠯᠢᠯᠴᠠᠯ ᠲᠣᠯᠢᠳᠠᠯ ᠢᠶᠠᠨ ᠭᠦᠨᠵᠡᠭᠡᠶᠢᠷᠡᠭᠦᠯᠵᠦ᠂ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠲᠤᠬᠰᠢᠨ ᠰᠠᠯᠬᠢ ᠰᠢᠷᠦᠭᠦᠨ ᠪᠣᠷᠣᠭᠠᠨ ᠢ ᠭᠠᠷ ᠬᠤᠯᠪᠣᠨ ᠬᠠᠮᠲᠤ ᠪᠠᠷ ᠲᠤᠭᠤᠯᠵᠤ᠂ ᠬᠤᠶᠠᠷ | ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ | ᠤᠯᠠᠨ ᠲᠦᠢᠯᠵᠢᠯᠲᠠ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠬᠠᠮᠲᠤ ᠪᠠᠷ ᠠᠬᠢᠭᠤᠯᠪᠠᠯ ᠵᠣᠬᠢᠨ᠎ᠠ᠃ ᠪᠢ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠢ ᠰᠠᠶᠢᠳ ᠠᠪᠤᠭᠠᠢ ᠲᠠᠢ ᠬᠠᠮᠲᠤ ᠪᠠᠷ ᠴᠢᠷᠮᠠᠶᠢᠵᠤ᠂ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠬᠢᠵᠢᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠭᠧᠷᠮᠠᠨ ᠤ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ᠂ | ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠠᠭᠢᠯᠭᠠᠨ | ᠴᠢᠮᠡᠭᠡ ᠶᠠᠪᠤᠭᠤᠯᠵᠤ᠂ ᠮᠦᠸᠧᠽᠢ ᠶᠢᠨ ᠭᠧᠷᠮᠠᠨ ᠤ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ | ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠬᠤᠶᠠᠷ ᠲᠠᠯ᠎ᠠ ᠶᠢᠨ | ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠦᠯᠡᠮᠵᠢ᠂ ᠭᠡᠭᠡᠨ | ᠰᠠᠷᠠᠭᠤᠯ ᠠᠯᠤᠰ ᠢᠷᠡᠭᠡᠳᠦᠢ ᠲᠠᠢ᠃ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠪᠣᠯ ᠬᠤᠶᠠᠷ ᠤᠯᠤᠰ ᠤᠨ ᠬᠠᠮᠲᠤ ᠶᠢᠨ ᠲᠡᠦᠬᠡ ᠶᠢᠨ ᠰᠣᠩᠭᠤᠯᠲᠠ ᠮᠥᠨ᠂ ᠪᠠᠰᠠ ᠴᠤ ᠳᠤᠮᠳᠠᠳᠤ | ᠭᠧᠷᠮᠠᠨ ᠤ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠠᠶᠢᠵᠤ᠂ ᠬᠤᠶᠠᠷ ᠲᠠᠯ᠎ᠠ ᠪᠠᠷ ᠢᠶᠠᠨ ᠨᠠᠷᠢᠨ | ᠨᠢᠮᠪᠠᠢ ᠬᠥᠭᠵᠢᠭᠦᠯᠦᠨ ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠤᠰᠢᠲᠠᠢ ᠶᠤᠮ᠃ ᠪᠢ ᠲᠠᠨ ᠲᠠᠢ ᠬᠠᠮᠲᠤ ᠰᠠᠶᠢᠨ | ᠰᠠᠶᠢᠬᠠᠨ ᠠᠵᠢᠯ ᠤᠨ ᠬᠠᠷᠢᠯᠴᠠᠭ᠎ᠠ ᠪᠠᠶᠢᠭᠤᠯᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢ | ᠠᠬᠢᠭᠤᠯᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ | ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ | ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ | ᠵᠥᠪ ᠴᠢᠭᠯᠡᠯ ᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ |