| | | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ | ᠰᠤᠷᠤᠯᠴᠠᠯᠭ᠎ᠠ ᠶᠢᠨ ᠲᠥᠪ ᠰᠤᠷᠲᠠᠯ︾ ᠤᠨ ᠲᠤᠬᠠᠶ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠳᠣᠱᠠᠳᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠤᠨ ᠳᠤᠮᠳᠠ ᠵᠠᠯᠠᠭᠤ ᠺᠠᠳ᠋ᠷ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ | ᠠᠳᠬᠤᠵᠤ᠂ 5 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ | ᠰᠤᠷᠤᠯᠴᠠᠯᠭ᠎ᠠ ᠬᠥᠮᠦᠵᠢᠯ ᠤᠨ ᠲᠤᠰᠬᠠᠶ ᠠᠩᠭᠢ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶ ᠬᠠᠮᠲᠤᠷᠠᠨ ᠡᠷᠬᠢᠯᠡᠭᠰᠡᠨ ᠵᠠᠯᠠᠭᠤ ᠺᠠᠳ᠋ᠷᠴᠤᠳ ᠤᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠨᠣᠮ ᠤᠩᠰᠢᠬᠤ ᠠᠩᠭᠢ ᠪᠥᠬᠦ ᠬᠤᠲᠠ ᠶᠢᠨ 80 ᠭᠠᠷᠤᠶ ᠵᠠᠯᠠᠭᠤ ᠺᠠᠳ᠋ᠷ ᠰᠤᠷᠤᠯᠴᠠᠯᠭ᠎ᠠ ᠳᠤ ᠣᠷᠣᠯᠴᠠᠪᠠ᠃ | ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠪᠠ ᠰᠤᠳᠤᠯᠤᠨ ᠶᠠᠷᠢᠯᠴᠠᠵᠤ | ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠥᠷ ᠮᠣᠩᠭᠤᠯ ᠤᠨ ᠨᠠᠮ ᠤᠨ | ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ | ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ᠂ ᠳᠡᠳ᠋ ᠫᠷᠤᠹᠧᠰᠰᠤᠷ ᠰᠦᠨ ᠶᠠ ᠵᠢᠶᠧ ︽ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠵᠤ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠶ | ᠰᠡᠳᠦᠪᠲᠦ ᠵᠢᠯᠣᠭᠤᠳᠣᠯᠭ᠎ᠠ ᠬᠢᠪᠠ᠃ | | | | | ᠰᠤᠷᠤᠯᠴᠠᠯᠭ᠎ᠠ ᠳᠤ ᠣᠷᠣᠯᠴᠠᠭᠰᠠᠨ ᠨᠥᠬᠦᠳ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠦᠨᠳᠦᠰᠦᠨ ᠠᠭᠤᠯᠤᠭᠳᠠᠬᠤᠨ ᠤ ᠲᠣᠭᠤᠷᠢᠨ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠬᠤ ᠵᠡᠷᠭᠡ ᠠᠭᠤᠯᠭ᠎ᠠ ᠶᠢᠨ | ᠲᠣᠭᠤᠷᠢᠨ ᠳᠤ ᠰᠢᠰᠲ᠋ᠧᠮ ᠲᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠶᠢᠯᠠᠭᠠᠨ ᠰᠤᠷᠤᠯᠴᠠᠵᠤ᠂ ᠵᠠᠯᠠᠭᠤ | ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠵᠥᠪ | ᠪᠤᠷᠤᠭᠤ ᠶᠢ ᠢᠯᠭᠠᠨ ᠲᠠᠨᠢᠵᠤ᠂ ᠲᠣᠭᠲᠠᠯ ᠬᠦᠴᠦᠨ ᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠪᠠ᠃ | ᠲᠤᠰ ᠬᠤᠭᠤᠴᠠᠭᠠᠨ ᠤ ᠨᠣᠮ ᠤᠩᠰᠢᠬᠤ ᠠᠩᠭᠢ ᠪᠣᠯ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ | ᠰᠢᠨ᠎ᠡ ᠶᠢ ᠡᠭᠦᠳᠬᠦ ᠤᠨᠤᠯ ᠤᠨ ᠲᠥᠪᠯᠡᠷᠡᠩᠭᠦᠢ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠮᠥᠨ | ᠪᠥᠭᠡᠳ ᠨᠡᠩ ᠴᠤ ᠰᠤᠷᠲᠠᠯ ᠢ ᠰᠠᠶᠢᠵᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠪᠣᠳᠠᠲᠠᠢ ᠦᠢᠯᠡᠳᠦᠯᠭᠡ ᠶᠢᠨ | ᠲᠠᠶᠢᠴᠢᠯᠠᠯᠳᠠ ᠮᠥᠨ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠪᠣᠳᠠᠲᠠᠢ ᠶᠢ | ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠪᠣᠷᠣᠭᠵᠢᠭᠤᠨ | ᠰᠤᠷᠲᠠᠯ ᠢ ᠪᠤᠢ ᠪᠣᠯᠭᠠᠵᠤ᠂ ᠰᠤᠷᠤᠯᠴᠠᠬᠤ ᠳᠤ ᠤᠬᠠᠮᠰᠠᠷ ᠲᠠᠢ᠂ ᠰᠤᠷᠤᠯᠴᠠᠬᠤ ᠳᠤ ᠣᠯᠤᠯᠲᠠ ᠲᠠᠢ᠂ | ᠰᠤᠷᠤᠯᠴᠠᠬᠤ ᠳᠤ ᠠᠮᠵᠢᠯᠲᠠ ᠲᠠᠢ ᠪᠣᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ |