| | | 5 ᠳ᠋ᠤᠭᠠᠷ ᠰᠠᠷ᠎ᠠ ᠶᠢᠨ 8 ᠤ ᠡᠳᠦᠷ᠂ ︽ᠨᠠᠮ ᠤᠨ ᠬᠡᠷᠡᠯ ᠬᠢᠯᠪᠠᠭ᠎ᠠ ᠰᠠᠴᠤᠷᠠᠭᠰᠠᠨ ᠤᠮᠠᠷᠠᠲᠤ ᠬᠢᠯᠢ ᠶᠢᠨ | ᠪᠡᠭᠡᠵᠢᠩ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ | ᠰᠥᠨᠢᠳ ᠪᠠᠷᠠᠭᠤᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠵᠢᠯ ᠤᠨ ᠦᠷ᠎ᠡ ᠪᠦᠲᠦᠭᠡᠯ ᠤᠨ ᠬᠤᠷᠢᠶᠠᠩᠭᠤᠶ ᠰᠣᠨᠢᠨ ᠤ ᠦᠵᠡᠭᠦᠯᠦᠯᠭᠡ︾ ᠶᠢᠨ ᠰᠢᠷᠢᠰ | ᠠᠵᠢᠯᠯᠠᠭ᠎ᠠ - ᠤᠯᠠᠭᠠᠨᠮᠥ᠋ᠴᠢᠷ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠦᠵᠡᠭᠦᠯᠭᠡ ᠪᠡᠭᠡᠵᠢᠩ ᠤᠨ ᠰᠢᠪᠠᠭᠤᠨ | ᠡᠭᠦᠷ᠂ 798 ᠤᠷᠠᠯᠢᠭ ᠤᠨ ᠵᠡᠭᠡᠯᠢ ᠲᠣᠭᠤᠷᠢᠭ ᠪᠣᠯᠤᠨ ᠴᠤᠤᠶᠠᠩ ᠴᠡᠴᠡᠷᠯᠢᠭ ᠲᠤ ᠭᠤᠶᠢᠳᠠ ᠰᠠᠶᠢᠬᠠᠨ | ᠲᠣᠭᠯᠠᠯᠲᠠ ᠭᠠᠷᠭᠠᠵᠤ᠂ ᠬᠤᠳᠠ ᠶᠢᠨ ᠠᠷᠠᠳ ᠪᠣᠯᠤᠨ ᠵᠤᠭᠠᠴᠠᠭᠰᠠᠳ ᠲᠤ ᠦᠨᠳᠦᠰᠦᠲᠡᠨ ᠤ ᠵᠠᠩ ᠠᠭᠠᠯᠢ ᠪᠠᠷ | ᠪᠢᠯᠬᠠᠭᠰᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ | ᠲᠤᠰ ᠡᠳᠦᠷ᠂ ᠭᠤᠷᠪᠠᠨ ᠭᠠᠵᠠᠷ ᠤᠨ ᠤᠯᠠᠭᠠᠨᠮᠥ᠋ᠴᠢᠷ ᠤᠨ ᠭᠡᠰᠢᠭᠦᠳ ᠭᠤᠶᠢᠳᠠ ᠰᠠᠶᠢᠬᠠᠨ ᠦᠨᠳᠦᠰᠦᠲᠡᠨ ᠤ | ᠬᠤᠪᠴᠠᠰᠤ ᠵᠠᠰᠠᠯ ᠢᠶᠠᠷ᠂ ᠤᠷᠠᠨ ᠨᠠᠷᠢᠯᠢᠭ ᠤᠷ᠎ᠠ ᠮᠡᠷᠭᠡᠵᠢᠯ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ᠂ ᠬᠦᠮᠡᠢ᠂ ᠮᠣᠷᠢᠨ ᠬᠤᠭᠤᠷ ᠤᠨ ᠬᠥᠭᠵᠢᠮ᠂ ᠦᠨᠳᠦᠰᠦᠲᠡᠨ ᠤ | ᠪᠥᠵᠢᠭ ᠵᠡᠷᠭᠡ ᠤᠨᠴᠠᠯᠢᠬᠳᠤ ᠲᠣᠭᠯᠠᠯᠲᠠ ᠶᠢ ᠨᠢᠭᠡᠳ ᠨᠢᠭᠡ ᠪᠠᠷ ᠢᠯᠡᠷᠡᠭᠦᠯᠪᠡ᠃ | ᠰᠢᠪᠠᠭᠤᠨ ᠡᠭᠦᠷ ᠲᠤ᠂ ᠣᠮᠤᠭ ᠲᠡᠭᠦᠯᠳᠡᠷ ᠬᠠᠮᠲᠤ ᠶᠢᠨ ᠪᠥᠵᠢᠭ ᠨᠢ ᠲᠠᠯ᠎ᠠ ᠨᠤᠲᠤᠭ ᠤᠨ ᠬᠥᠪᠡᠭᠦᠳ | ᠥᠬᠢᠳ ᠤᠨ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠢᠷᠠᠭᠤ ᠰᠠᠶᠢᠬᠠᠨ ᠳᠠᠭᠤᠤ ᠨᠢ | ᠲᠤᠬᠠᠶ ᠶᠢᠨ ᠲᠠᠯᠠᠪᠤᠷ ᠤᠨ ᠦᠵᠡᠭᠴᠢᠳ ᠢ ᠥᠷᠭᠡᠨ ᠠᠭᠤᠳᠠᠮ ᠲᠠᠯ᠎ᠠ ᠨᠤᠲᠤᠭ ᠲᠤ ᠠᠪᠴᠢᠷᠠᠭᠰᠠᠨ ᠰᠢᠭ᠋ | ᠰᠠᠨᠠᠭᠠᠨᠳᠠᠢ︔ 798 ᠤᠷᠠᠯᠢᠭ ᠤᠨ ᠵᠡᠭᠡᠯᠢ ᠳᠡᠭᠡᠷ᠎ᠡ᠂ ᠤᠷᠠᠯᠢᠭ ᠤᠨ ᠮᠡᠳᠡᠷᠡᠮᠵᠢ ᠲᠠᠢ ᠲᠣᠭᠯᠠᠯᠲᠠ ᠶᠢᠨ ᠲᠠᠯᠠᠪᠤᠷ | ᠭᠠᠵᠠᠷ ᠨᠢ ᠦᠨᠳᠦᠰᠦᠲᠡᠨ ᠤ ᠤᠷᠠᠯᠢᠭ ᠯᠤᠭ᠎ᠠ ᠥᠭᠡᠷ᠎ᠡ ᠵᠦᠢᠯ ᠤᠨ ᠭᠠᠯ ᠳᠦᠷᠡᠯᠵᠡᠵᠦ᠂ ᠵᠠᠮᠴᠢᠯᠠᠭᠴᠢ ᠬᠤᠶᠢᠨ᠎ᠠ | ᠬᠤᠶᠢᠨ᠎ᠠ ᠠᠴᠠ ᠪᠠᠨ ᠰᠣᠨᠢᠷᠬᠠᠵᠤ ᠪᠠᠶᠢᠨ᠎ᠠ︔ ᠴᠤᠤᠶᠠᠩ ᠴᠡᠴᠡᠷᠯᠢᠭ ᠲᠤ᠂ ᠤᠯᠠᠭᠠᠨᠮᠥ᠋ᠴᠢᠷ ᠤᠨ ᠭᠡᠰᠢᠭᠦᠳ | ᠬᠤᠲᠠ ᠶᠢᠨ ᠠᠷᠠᠳ ᠵᠤᠭᠠᠴᠠᠭᠰᠠᠳ ᠲᠠᠢ ᠳᠣᠲᠣᠨᠣ ᠪᠠᠷ ᠶᠠᠷᠢᠯᠴᠠᠵᠤ᠂ ᠣᠯᠠᠨ ᠢᠶᠠᠷ ᠢᠶᠠᠨ ᠮᠣᠩᠭᠤᠯ | ᠦᠨᠳᠦᠰᠦᠲᠡᠨ ᠤ ᠪᠥᠵᠢᠭ ᠢ ᠰᠤᠷᠴᠤ᠂ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠵᠦ᠂ | ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠶᠡᠷᠦ ᠪᠤᠰᠤ ᠶᠢᠨ ᠪᠠᠶᠢᠯ᠎ᠠ᠃ | ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠪᠣᠯ ᠨᠢᠭᠡ ᠤᠳᠠᠭᠠᠨ ᠤ ᠤᠷᠠᠯᠢᠭ ᠤᠨ ᠦᠵᠡᠭᠦᠯᠦᠯᠭᠡ | ᠪᠣᠯᠬᠤ ᠪᠠᠷ ᠪᠠᠷᠠᠬᠤ ᠥᠬᠡᠶ᠂ ᠨᠠᠩ ᠴᠤ ᠪᠡᠭᠡᠵᠢᠩ ᠥᠪᠥᠷ ᠮᠣᠩᠭᠤᠯ ᠤᠨ ᠰᠣᠶᠣᠯ ᠤᠨ ᠰᠣᠯᠢᠯᠴᠠᠭᠠᠨ ᠤ ᠴᠢᠬᠤᠯᠠ | ᠠᠵᠠ ᠲᠣᠬᠢᠶᠠᠯ ᠪᠣᠯᠤᠨ᠎ᠠ᠃ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ᠂ ᠪᠡᠭᠡᠵᠢᠩ ᠬᠤᠲᠠ ᠶᠢᠨ ᠠᠷᠠᠳ ᠵᠢᠴᠢ | ᠵᠤᠭᠠᠴᠠᠭᠰᠠᠳ ᠤᠨ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠭᠠᠵᠠᠷ ᠣᠷᠣᠨ ᠤ ᠰᠣᠶᠣᠯ ᠤᠨ ᠲᠤᠬᠠᠶ | ᠣᠶᠢᠯᠠᠭᠠᠯᠲᠠ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ | ᠠᠮᠢᠳᠤᠯᠢᠭ ᠲᠠᠶᠢᠯᠪᠤᠷᠢ ᠨᠡᠮᠡᠷᠢᠯᠡᠪᠡ᠃ ᠡᠭᠦᠨ ᠤ ᠬᠠᠮᠲᠤ᠂ ᠰᠢᠪᠠᠭᠤᠨ ᠡᠭᠦᠷ᠂ 798 ᠤᠷᠠᠯᠢᠭ ᠤᠨ ᠵᠡᠭᠡᠯᠢ | ᠲᠣᠭᠤᠷᠢᠭ ᠪᠠ ᠴᠤᠤᠶᠠᠩ ᠴᠡᠴᠡᠷᠯᠢᠭ ᠵᠡᠷᠭᠡ ᠪᠡᠭᠡᠵᠢᠩ ᠤᠨ ᠭᠠᠵᠠᠷ ᠤᠨ ᠲᠡᠮᠳᠡᠭ ᠤᠨ ᠴᠢᠨᠠᠷᠲᠠᠶ ᠲᠠᠯᠠᠪᠤᠷ ᠢ | ᠠᠰᠢᠭᠯᠠᠨ᠂ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠠᠯᠳᠠᠷᠰᠢᠯ ᠪᠠ ᠰᠣᠶᠣᠯ ᠤᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠵᠤᠭᠠᠴᠠᠭᠰᠠᠳ ᠢ ᠲᠡᠳᠡᠨ ᠠᠪᠴᠢᠷᠠᠵᠤ | ᠰᠢᠯᠢ ᠶᠢᠨ ᠭᠤᠤᠯ ᠤᠨ ᠰᠦᠷᠯᠢᠭ ᠰᠠᠶᠢᠬᠠᠨ ᠥᠩᠭᠡ ᠦᠵᠡᠮᠵᠢ ᠪᠠ ᠣᠷᠣᠨ ᠨᠤᠲᠤᠭ ᠤᠨ ᠵᠠᠩ ᠦᠢᠯᠡ ᠶᠢ | ᠣᠶᠢᠯᠠᠭᠠᠭᠤᠯᠪᠠ᠃ |