| | | ︽ᠨᠠᠮ ᠤᠨ ᠬᠡᠷᠡᠯ ᠬᠢᠯᠪᠠᠭ᠎ᠠ ᠰᠠᠴᠤᠷᠠᠭᠰᠠᠨ ᠤᠮᠠᠷᠠᠲᠤ ᠬᠢᠯᠢ ᠶᠢᠨ ᠪᠡᠭᠡᠵᠢᠩ ᠥᠪᠥᠷ ᠮᠣᠩᠭᠤᠯ ᠤᠨ ᠭᠠᠷ ᠬᠤᠯᠪᠣᠨ | ᠢᠷᠠᠭᠤ ᠬᠠᠭᠤᠳᠠᠰᠤ ᠶᠢ ᠵᠢᠷᠤᠭᠯᠠᠶ᠎ᠠ︾ ᠭᠤᠤᠯ ᠰᠡᠳᠦᠪᠳᠦ 2025 ᠪᠡᠭᠡᠵᠢᠩ · ᠥᠪᠥᠷ ᠮᠣᠩᠭᠤᠯ ᠤᠨ ᠰᠢᠯᠢ ᠶᠢᠨ ᠭᠤᠤᠯ | ᠠᠶᠢᠮᠠᠭ ᠤᠨ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠦᠷ᠎ᠡ ᠪᠦᠲᠦᠭᠡᠯ ᠤᠨ | ᠬᠤᠷᠢᠶᠠᠩᠭᠤᠶ ᠰᠣᠨᠢᠨ ᠤ ᠦᠵᠡᠰᠬᠦᠯᠡᠩ︾ ᠤᠨ ᠰᠢᠷᠢᠰ ᠠᠵᠢᠯᠯᠠᠭ᠎ᠠ 5 ᠰᠠᠷ᠎ᠠ ᠶᠢᠨ 9 ᠤ ᠡᠳᠦᠷ ᠪᠡᠭᠡᠵᠢᠩ ᠤᠨ | ᠦᠨᠳᠦᠰᠦᠲᠡᠨ ᠤ ᠰᠣᠶᠣᠯ ᠤᠨ ᠣᠷᠳᠣᠨ ᠵᠢᠴᠢ ᠦᠨᠳᠦᠰᠦᠲᠡᠨ ᠤ ᠬᠤᠭᠤᠯᠠᠨ ᠬᠡᠷ ᠲᠤ ᠦᠪᠡᠳᠡᠭᠰᠢ ᠶᠡᠭᠡ ᠪᠠᠷ ᠡᠬᠢᠯᠡᠭᠦᠯᠬᠦ | ᠪᠣᠯᠤᠨ᠎ᠠ᠃ ᠠᠵᠢᠯᠯᠠᠭ᠎ᠠ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠠᠴᠠ ᠭᠤᠤᠯᠯᠠᠨ | ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ᠂ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠬᠤᠷᠢᠶ᠎ᠠ᠂ ᠡᠷᠢᠶᠡᠨ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠥᠨᠢᠳ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠨᠳᠦᠰᠦᠲᠡᠨ ᠤ ᠰᠣᠶᠣᠯ ᠤᠨ ᠣᠷᠳᠣᠨ ᠤ ᠦᠵᠡᠰᠬᠦᠯᠡᠩ ᠤᠨ | ᠣᠷᠳᠣᠨ᠂ ᠦᠨᠳᠦᠰᠦᠲᠡᠨ ᠤ ᠰᠣᠶᠣᠯ ᠤᠨ ᠣᠷᠳᠣᠨ ᠤ ᠲᠣᠮᠣ ᠵᠦᠴᠦᠭᠡ ᠶᠢᠨ ᠬᠦᠷᠢᠶᠡᠯᠡᠩ᠂ ᠦᠨᠳᠦᠰᠦᠲᠡᠨ ᠤ | ᠰᠣᠶᠣᠯ ᠤᠨ ᠣᠷᠳᠣᠨ ᠤ ᠰᠣᠶᠣᠯ ᠤᠨ ᠰᠣᠯᠢᠯᠴᠠᠭᠠᠨ ᠤ ᠲᠥᠪ ᠳᠠᠭᠠᠭᠠᠴᠢᠯᠠᠨ ᠡᠷᠭᠢᠯᠡᠵᠦ᠂ ᠪᠡᠭᠡᠵᠢᠩ ᠬᠤᠲᠠ ᠶᠢᠨ | ᠰᠢᠴᠧᠩ ᠲᠣᠭᠤᠷᠢᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠡᠭᠡᠯᠢ ᠭᠤᠳᠤᠮᠵᠢ ᠶᠢᠨ ᠠᠵᠢᠯ ᠤᠨ ᠵᠥᠪᠯᠡᠯ | ᠬᠠᠮᠵᠢᠯᠴᠠᠨ ᠡᠷᠭᠢᠯᠡᠪᠡ᠃ | ᠲᠣᠰ ᠤᠳᠠᠭᠠᠨ ᠤ ᠰᠢᠷᠢᠰ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠲᠣᠭᠤᠷᠢᠨ ᠳᠤ ᠲᠤᠯᠤᠭᠠᠨ ᠶᠡᠭᠡ ᠨᠢᠭᠡᠴᠢ ᠶᠢ ᠨᠠᠷᠢᠨ ᠨᠢᠮᠪᠠᠶ | ᠤᠬᠠᠭᠠᠯᠠᠵᠤ᠂ ᠠᠭᠤᠯᠭ᠎ᠠ ᠨᠢ ᠪᠠᠶᠠᠯᠢᠭ᠂ ᠬᠢᠯᠠᠰ ᠴᠡᠭ ᠨᠢ ᠵᠠᠯᠭᠠᠭ᠎ᠠ ᠪᠠᠷ ᠢᠯᠡᠷᠡᠵᠦ᠂ ᠰᠢᠯᠢ ᠶᠢᠨ ᠭᠤᠤᠯ ᠠᠶᠢᠮᠠᠭ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠵᠢᠴᠢ ᠭᠤᠷᠪᠠᠨ ᠭᠠᠵᠠᠷ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠤᠯᠤᠰ ᠲᠥᠷᠥ᠂ ᠦᠵᠡᠯ | ᠰᠠᠨᠠᠭ᠎ᠠ᠂ ᠰᠣᠶᠣᠯ᠂ ᠣᠯᠠᠨ ᠲᠦᠮᠡᠨ ᠪᠠ ᠨᠡᠶᠢᠭᠡᠮ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠲᠠᠢ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠪᠠ ᠭᠠᠷᠮᠠᠭᠠᠶ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠯᠭᠡᠨ ᠦᠵᠡᠭᠦᠯᠬᠦ ᠪᠣᠯᠤᠨ᠎ᠠ᠃ | ᠲᠤᠰ ᠠᠵᠢᠯᠯᠠᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠦᠷ᠎ᠡ ᠪᠦᠲᠦᠭᠡᠯ ᠤᠨ ᠵᠢᠷᠤᠭ ᠪᠢᠴᠢᠭ ᠤᠨ ᠦᠵᠡᠰᠬᠦᠯᠡᠩ ᠢ ᠪᠠᠶᠢᠭᠤᠯᠬᠤ ᠠᠴᠠ ᠭᠠᠳᠠᠨ᠎ᠠ ᠪᠠᠰᠠ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠢ 29 ᠲᠣᠬᠢᠷᠠᠭᠤᠯᠵᠠᠢ᠃ ᠭᠤᠷᠪᠠᠨ ᠭᠠᠵᠠᠷ ᠤᠨ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠴᠤᠭᠯᠠᠷᠠᠭᠤᠯᠵᠤ᠂ ᠭᠤᠶᠢᠳᠠ ᠰᠠᠶᠢᠬᠠᠨ ᠤᠯᠠᠮᠵᠢᠯᠠᠨ | ᠵᠠᠯᠭᠠᠮᠵᠢᠯᠠᠬᠤ ᠡᠳ᠋ ᠪᠣᠳᠠᠰ ᠢ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠦᠵᠡᠭᠴᠢᠳ ᠢ ᠳᠠᠭᠠᠭᠤᠯᠤᠨ | ᠤᠮᠠᠷᠠᠲᠤ ᠶᠢᠨ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠳᠤᠮᠳᠠᠬᠢ ᠰᠣᠶᠣᠯ ᠤᠨ ᠪᠠᠶᠢᠭᠤᠯᠤᠯᠲᠠ ᠶᠢᠨ ᠴᠢᠬᠤᠯᠠ | ᠦᠢᠯᠡᠳᠦᠯ ᠢ ᠣᠶᠢᠯᠠᠭᠠᠭᠤᠯᠤᠨ᠎ᠠ᠃ ᠭᠠᠵᠠᠷ ᠣᠷᠣᠨ ᠤ ᠨᠠᠷᠠᠲᠤ ᠰᠢᠯᠢᠳᠡᠭ ᠣᠨᠴᠠ ᠰᠢᠯᠢᠳᠡᠭ ᠪᠦᠲᠦᠭᠡᠭᠳᠡᠬᠦᠨ ᠢ ᠳᠡᠯᠭᠡᠨ | ᠦᠵᠡᠭᠦᠯᠵᠦ ᠳᠡᠯᠭᠡᠨ ᠪᠣᠷᠣᠯᠠᠭᠤᠯᠬᠤ ᠲᠤᠰᠬᠠᠶ ᠣᠷᠣᠨ ᠪᠠᠶᠢᠭᠤᠯᠵᠤ᠂ ᠭᠤᠷᠪᠠᠨ ᠭᠠᠵᠠᠷ ᠤᠨ ᠬᠠᠮᠢᠶ᠎ᠠ ᠪᠥᠬᠦᠶ ᠠᠵᠤ | ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢ ᠤᠷᠢᠵᠤ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ | ᠪᠦᠲᠦᠭᠡᠭᠳᠡᠬᠦᠨ ᠢ ᠠᠪᠴᠢᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠦᠨ᠎ᠡ᠃ | ᠠᠵᠢᠯᠯᠠᠭ᠎ᠠ ᠶᠢᠨ ᠬᠤᠭᠤᠴᠠᠭᠠᠨ ᠳᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠲᠤ | ᠣᠷᠣᠬᠤ︾ ᠬᠤᠳᠠᠯᠳᠤᠭᠠᠴᠢᠳ ᠤᠨ ᠡᠪᠯᠡᠯ᠂ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠨᠢ ᠬᠠᠮᠲᠤᠷᠠᠯᠴᠠᠭᠠᠨ ᠤ | ᠬᠥᠭᠦᠷᠭᠡ ᠪᠠᠶᠢᠭᠤᠯᠵᠤ᠂ ᠳᠣᠲᠣᠷ ᠭᠠᠵᠠᠷ ᠤᠨ ᠠᠵᠤ ᠠᠬᠤᠶᠢᠯᠠᠯ ᠤᠨ ᠬᠢᠯᠢ ᠬᠢᠵᠠᠭᠠᠷ ᠤᠨ ᠬᠥᠭᠵᠢᠯᠲᠡ ᠳᠤ ᠬᠦᠴᠦᠨ | ᠨᠡᠮᠡᠷᠢᠯᠡᠬᠦ ᠶᠢ ᠠᠬᠢᠭᠤᠯᠪᠠ᠃ ᠭᠤᠷᠪᠠᠨ ᠭᠠᠵᠠᠷ ᠤᠨ ᠤᠯᠠᠭᠠᠨᠮᠥ᠋ᠴᠢᠷ ᠨᠢ ᠦᠨᠳᠦᠰᠦᠲᠡᠨ ᠤ ᠰᠣᠶᠣᠯ ᠤᠨ ᠣᠷᠳᠣᠨ ᠤ ᠲᠣᠮᠣ | ᠲᠢᠶᠠᠲᠷ ᠪᠠ ᠰᠠᠨᠰᠠᠷ ᠤᠨ ᠬᠤᠲᠠ ᠶᠢᠨ ᠲᠢᠶᠠᠲᠷ ᠲᠤ ᠲᠣᠮᠣ ᠬᠡᠯᠪᠡᠷᠢ ᠶᠢᠨ ᠬᠠᠮᠲᠤᠷᠠᠭᠰᠠᠨ ᠲᠣᠭᠯᠠᠯᠲᠠ ᠶᠢ ᠲᠣᠰ ᠲᠣᠰ 2 | ᠲᠠᠯᠠᠪᠤᠷ ᠥᠷᠨᠢᠭᠦᠯᠵᠦ᠂ ᠰᠠᠯᠪᠤᠷᠢ ᠪᠠᠭ᠎ᠠ ᠠᠩᠭᠢ ᠶᠢᠨ ᠬᠡᠯᠪᠡᠷᠢ ᠪᠠᠷ ᠦᠨᠳᠦᠰᠦᠲᠡᠨ ᠤ ᠰᠣᠶᠣᠯ ᠤᠨ ᠣᠷᠳᠣᠨ ᠤ ︽ᠶᠡᠭᠡ | ᠪᠦᠯᠬᠦᠮᠳᠡᠯ︾ ᠤᠨ ᠦᠵᠡᠭᠦᠯᠭᠡ ᠶᠢᠨ ᠲᠢᠩᠬᠢᠮ ᠳᠤ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠦᠨ᠎ᠡ᠃ ᠪᠡᠭᠡᠵᠢᠩ | ᠬᠤᠲᠠ ᠶᠢᠨ ᠪᠠᠷᠠᠭᠤᠨ ᠬᠤᠲᠠ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠲᠠᠢ ᠲᠤᠬᠠᠶ ᠶᠢᠨ | ᠦᠶ᠎ᠡ ᠳᠤ ᠢᠳᠡᠪᠬᠢᠲᠡᠶ ᠪᠠᠷ ᠵᠣᠯᠭᠠᠭᠤᠯᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠴᠤᠭᠯᠠᠭ᠎ᠠ ᠮᠠᠶᠢᠮᠠᠶ ᠳᠤ ᠭᠦᠨᠵᠡᠭᠡᠶᠢᠷᠡᠨ | ᠲᠣᠭᠤᠷᠢᠨ ᠲᠣᠭᠯᠠᠬᠤ ᠠᠵᠢᠯᠯᠠᠭ᠎ᠠ ᠥᠷᠨᠢᠭᠦᠯᠪᠡ᠃ ᠦᠨᠳᠦᠰᠦᠲᠡᠨ ᠤ ᠬᠤᠭᠤᠯᠠᠨ ᠭᠡᠷ ᠤᠨ ᠭᠤᠷᠪᠠᠨ ᠭᠠᠵᠠᠷ ᠤᠨ ᠠᠮᠲᠠᠲᠤ | ᠬᠤᠭᠤᠯᠠᠨ ᠤ ᠪᠠᠶᠠᠷ ᠨᠢ ᠬᠡᠯᠡᠨ ᠤ ᠦᠵᠦᠭᠦᠷ ᠤᠨ ᠠᠮᠲᠠ ᠪᠠᠷ ᠢᠶᠠᠨ ᠰᠤᠶᠤᠯ ᠤᠨ ᠰᠣᠯᠢᠯᠴᠠᠭ᠎ᠠ ᠶᠢ ᠠᠬᠢᠭᠤᠯᠪᠠ᠃ | ᠰᠣᠶᠣᠯ ᠤᠨ ᠦᠵᠡᠭᠦᠯᠦᠯᠭᠡ ᠠᠴᠠ ᠠᠵᠤ ᠠᠬᠤᠶ ᠶᠢᠨ ᠬᠠᠮᠲᠤᠷᠠᠯᠴᠠᠭ᠎ᠠ ᠬᠦᠷᠲᠡᠯ᠎ᠡ᠂ ᠤᠷᠠᠯᠢᠭ ᠤᠨ | ᠦᠵᠡᠭᠦᠯᠦᠯᠭᠡ ᠠᠴᠠ ᠠᠮᠲᠠᠲᠤ ᠢᠳᠡᠭᠡᠨ ᠢ ᠣᠶᠢᠯᠠᠭᠠᠬᠤ ᠬᠦᠷᠲᠡᠯ᠎ᠡ᠂ ᠠᠵᠢᠯᠯᠠᠭ᠎ᠠ ᠨᠢ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠦᠢᠯᠡᠳᠦᠯᠭᠡ ᠪᠣᠯᠬᠤ ᠪᠣᠯᠤᠨ᠎ᠠ᠃ ᠨᠡᠶᠢᠭᠡᠮ ᠤᠨ | ᠡᠯ᠎ᠡ ᠡᠲᠡᠭᠡᠳ ᠤᠨ ᠬᠥᠮᠦᠰ ᠢ ᠠᠵᠢᠯᠯᠠᠭ᠎ᠠ ᠶᠢᠨ ᠠᠬᠤᠶ ᠲᠠᠯᠠᠪᠠᠶ ᠳᠤ ᠤᠷᠢᠵᠤ᠂ ᠰᠢᠯᠢ ᠶᠢᠨ ᠭᠤᠤᠯ ᠠᠶᠢᠮᠠᠭ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠬᠠᠮᠲᠤ ᠪᠠᠷ ᠭᠡᠷᠡᠴᠢᠯᠡᠵᠦ᠂ ᠪᠡᠭᠡᠵᠢᠩ | ᠥᠪᠥᠷ ᠮᠣᠩᠭᠤᠯ ᠤᠨ ᠭᠠᠷ ᠬᠤᠯᠪᠣᠨ ᠪᠦᠯᠬᠦᠮᠳᠡᠨ ᠬᠥᠭᠵᠢᠬᠦ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ ᠶᠢ | ᠣᠶᠢᠯᠠᠭᠠᠵᠤ ᠪᠠᠶᠢᠨ᠎ᠠ︕ |