2025 ᠣᠨ ᠳᠤ ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭ᠎ᠠ ᠪᠣᠯᠪᠠᠰᠤᠷᠠᠯ ᠤᠨ ᠠᠩᠭᠢ ᠡᠷᠢᠶᠡᠨ ᠬᠤᠲᠠ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/5/9
   
     5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2025 ᠣᠨ ᠤ ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠪᠣᠯᠪᠠᠰᠤᠷᠠᠯ ᠦᠵᠡᠭᠦᠯᠭᠡ ᠶᠢᠨ ᠠᠩᠭᠢ ᠮᠠᠨ ᠤ ᠬᠤᠲᠠ ᠳᠤ ᠬᠢᠴᠢᠶᠡᠯ ᠡᠬᠢᠯᠡᠪᠡ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠮᠣᠩᠭᠤᠯ ᠬᠤᠶᠠᠷ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠳᠤᠷ᠎ᠠ ᠪᠠᠭ᠋ᠠᠲᠠᠶ ᠬᠥᠮᠦᠰ ᠪᠣᠯᠪᠠᠰᠤᠷᠠᠯ ᠤᠨ ᠬᠤᠪᠴᠠᠰᠤ ᠡᠮᠦᠰᠴᠦ᠂ ᠴᠤᠭ ᠵᠢᠪᠬᠤᠭ᠎ᠠ ᠲᠡᠭᠦᠯᠳᠡᠷ ᠂ ᠪᠡᠶ᠎ᠡ ᠪᠢᠯᠳᠠᠷ ᠨᠢ ᠢᠳᠡᠷᠡᠭᠦᠨ᠂ ᠲᠠᠪᠤᠨ ᠵᠢᠭᠦᠷᠲᠡᠨ ᠤ ᠵᠦᠴᠦᠭᠡ᠂ ᠵᠢᠷᠭᠤᠭᠠᠨ ᠦᠰᠦᠭ᠂ ᠨᠠᠢᠮᠠᠳᠤᠭᠠᠷ ᠬᠡᠰᠡᠭ ᠶᠢᠨ ᠵᠡᠷᠭᠡ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠳᠡᠯᠭᠡᠷᠡᠭᠦᠯᠦᠭᠰᠡᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠳᠡᠯᠭᠡᠨ ᠦᠵᠡᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃       ᠲᠣᠰ ᠤᠳᠠᠭᠠᠨ ᠤ ᠪᠣᠯᠪᠠᠰᠤᠷᠠᠯ ᠤᠨ ᠠᠩᠭᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠮᠣᠩᠭᠤᠯ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠶ ᠬᠥᠮᠦᠰ ᠪᠠ ᠮᠠᠨ ᠤ ᠣᠷᠣᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠣᠯᠪᠠᠰᠤᠷᠠᠯ ᠳᠤ ᠨᠡᠶᠢᠲᠡ 120 ᠭᠠᠷᠤᠶ ᠬᠥᠮᠦᠨ ᠣᠷᠣᠯᠴᠠᠪᠠ᠃ ᠪᠣᠯᠪᠠᠰᠤᠷᠠᠭᠤᠯᠤᠯ ᠨᠢ ᠮᠠᠨ ᠤ ᠣᠷᠣᠨ ᠤ ᠣᠯᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠠᠴᠠ ᠬᠢᠴᠢᠶᠡᠯ ᠣᠷᠣᠵᠤ᠂ ᠬᠠᠨᠳᠤᠯᠭᠠᠲᠤ ᠴᠢᠨᠠᠷᠲᠠᠶ ᠵᠢᠯᠣᠭᠤᠳᠣᠯᠭ᠎ᠠ ᠶᠢ ᠥᠷᠨᠢᠭᠦᠯᠦᠨ᠂ ᠰᠤᠷᠤᠭᠴᠢᠳ ᠢ ᠬᠠᠪᠰᠤᠷᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠦᠨᠳᠦᠰᠦᠨ ᠣᠨᠣᠯ ᠪᠠ ᠰᠢᠨᠵᠢᠯᠡᠬᠦ ᠤᠬᠠᠭᠠᠨᠴᠢ ᠪᠣᠯᠪᠠᠰᠤᠷᠠᠯ ᠤᠨ ᠠᠷᠭ᠎ᠠ ᠶᠢ ᠡᠵᠡᠮᠰᠢᠭᠦᠯᠦᠨ᠎ᠡ᠃      ᠣᠶᠢᠯᠠᠭᠠᠭᠰᠠᠨ ᠢᠶᠠᠷ᠂ ᠮᠠᠨ ᠤ ᠬᠤᠲᠠ 2015 ᠣᠨ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠣᠯᠪᠠᠰᠤᠷᠠᠯ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ 10 ᠵᠢᠯ ᠤᠨ ᠬᠤᠭᠤᠴᠠᠭᠠᠨ ᠳᠤ᠂ ᠬᠢᠲᠠᠳ ᠮᠣᠩᠭᠤᠯ ᠬᠤᠶᠠᠷ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠳᠤᠷᠠᠲᠠᠢ ᠬᠦᠮᠦᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠃ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠭᠡᠬᠦ ᠡᠨᠡ ᠬᠦ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠳᠡᠯᠭᠡᠷᠡᠭᠦᠯᠬᠦ ᠶᠢᠨ ᠬᠠᠮᠲᠤ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠣᠯᠠᠨ ᠤ ᠰᠣᠯᠢᠯᠴᠠᠭ᠎ᠠ ᠬᠠᠷᠢᠯᠴᠠᠭ᠎ᠠ ᠶᠢ ᠤᠯᠠᠮ ᠨᠢᠭᠲᠠᠷᠠᠭᠤᠯᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号