| | | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠶᠢᠨ | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 4 ᠰᠠᠷ᠎ᠠ ᠳᠤ᠂ ᠡᠷᠢᠶᠡᠨ ᠪᠣᠭᠤᠮᠲᠠ ᠶᠢᠨ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ 1132 ᠤᠳᠠᠭ᠎ᠠ ᠨᠡᠪᠲᠡᠷᠡᠵᠦ᠂ ᠠᠳᠠᠯᠢ ᠬᠤᠭᠤᠴᠠᠭᠠᠨ ᠤ ᠬᠢ ᠠᠴᠠ | 2.4% ᠪᠠᠷ ᠨᠡᠮᠡᠭᠳᠡᠪᠡ᠃ | ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ | ᠳᠤᠮᠳᠠ ᠵᠠᠮ︾ ᠤᠨ ᠴᠤᠷ ᠤᠨ ᠭᠠᠭᠴᠠ ᠬᠢᠯᠢ ᠪᠠᠷ ᠣᠷᠣᠵᠤ ᠭᠠᠷᠬᠤ ᠲᠡᠮᠦᠷ ᠵᠠᠮ ᠤᠨ ᠪᠣᠭᠤᠮᠲᠠ ᠪᠣᠯᠣᠨ᠎ᠠ᠃ | ᠣᠳᠣᠬᠠᠨ ᠳᠤ 72 ᠵᠤᠷᠪᠤᠰ ᠨᠡᠪᠲᠡᠷᠡᠬᠦ ᠱᠤᠭᠤᠮ ᠲᠠᠢ ᠪᠠᠶᠢᠵᠤ᠂ ᠤᠯᠤᠰ ᠤᠨ ᠳᠣᠲᠣᠭᠠᠳᠤ ᠶᠢᠨ 24 ᠮᠤᠵᠢ | ᠣᠷᠣᠨ ᠤ 60 ᠭᠠᠷᠤᠶ ᠬᠤᠲᠠ ᠶᠢ ᠨᠥᠯᠥᠭᠡᠯᠡᠨ᠂ ᠫᠤᠯᠠᠨᠳ᠋᠂ ᠭᠧᠷᠮᠠᠨ᠂ ᠣᠷᠣᠰ ᠵᠡᠷᠭᠡ ᠤᠯᠤᠰ ᠵᠢᠴᠢ ᠭᠠᠵᠠᠷ | ᠣᠷᠣᠨ ᠤ 70 ᠭᠠᠷᠤᠶ ᠵᠠᠩᠭᠢᠯᠠᠭ᠎ᠠ ᠶᠢᠨ ᠥᠷᠲᠡᠭᠡ ᠴᠡᠭ ᠲᠤ ᠨᠡᠪᠲᠡᠷᠡᠪᠡ᠃ | ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠦᠷᠭᠦᠯᠵᠢᠯᠡᠨ | ᠨᠡᠮᠡᠭᠳᠡᠵᠦ ᠪᠠᠶᠢᠭ᠎ᠠ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠪᠣᠭᠤᠮᠲᠠ ᠶᠢᠨ ᠬᠤᠳᠠᠯᠳᠤᠭᠠᠨ ᠤ | ᠶᠠᠪᠤᠳᠠᠯ᠂ ᠲᠡᠮᠦᠷ ᠵᠠᠮ ᠤᠨ ᠲᠡᠷᠭᠡᠨ ᠥᠷᠲᠡᠭᠡ᠂ ᠬᠢᠯᠢ ᠶᠢᠨ ᠪᠠᠶᠢᠴᠠᠭᠠᠯᠲᠠ᠂ ᠪᠣᠭᠤᠮᠲᠠ ᠵᠡᠷᠭᠡ ᠰᠠᠯᠠᠭ᠎ᠠ | ᠮᠥᠴᠢᠷ ᠤᠳ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ︽ᠲᠣᠭᠠᠴᠢᠯᠠᠭᠰᠠᠨ ᠪᠣᠭᠤᠮᠲᠠ︾ ᠶᠢᠨ | ᠰᠢᠰᠲ᠋ᠧᠮ ᠳᠤ ᠲᠦᠰᠢᠭᠯᠡᠨ ᠴᠠᠭᠠᠰᠤ ᠦᠭᠡᠢ ᠪᠠᠷ ᠪᠣᠭᠤᠮᠲᠠ ᠥᠩᠭᠡᠷᠡᠬᠦ ᠶᠢ ᠦᠷᠭᠦᠯᠵᠢᠯᠡᠨ ᠠᠬᠢᠭᠤᠯᠵᠤ᠂ ᠥᠷᠭᠡᠨ | ᠵᠠᠮᠲᠤ ᠬᠢᠯᠢ ᠪᠠᠷ ᠣᠷᠣᠵᠤ ᠢᠷᠡᠬᠦ ᠭᠠᠯᠲᠤ ᠲᠡᠷᠭᠡ ᠶᠢᠨ ᠳᠤᠭᠤᠶᠢᠯᠠᠩ ᠬᠤᠪᠢᠶᠠᠬᠤ ᠶᠢ ᠰᠢᠯᠢᠳᠡᠭᠵᠢᠭᠦᠯᠦᠨ᠂ | ᠳᠤᠮᠳᠠᠳᠤ ᠮᠣᠩᠭᠤᠯ ᠤᠨ ᠬᠤᠭᠤᠷᠣᠨᠳᠣᠬᠢ ᠵᠠᠳᠠᠭᠠᠢ ᠣᠷᠣᠢ ᠶᠢᠨ ᠬᠠᠶᠢᠷᠴᠠᠭ ᠢ ᠬᠡᠷᠡᠭᠯᠡᠬᠦ ᠬᠡᠪᠴᠢᠶ᠎ᠡ ᠶᠢ | ᠥᠷᠭᠡᠳᠬᠡᠨ᠎ᠡ᠃ ᠮᠣᠩᠭᠤᠯ ᠤᠯᠤᠰ ᠤᠨ ᠵᠠᠮ ᠤᠨ ᠡᠭᠦᠳᠡ ᠥᠷᠲᠡᠭᠡ ᠶᠢᠨ ︽ᠬᠤᠶᠠᠷ ᠥᠷᠲᠡᠭᠡ ᠶᠢ ᠨᠢᠭᠡ | ᠴᠣᠭᠴᠠᠵᠢᠭᠤᠯᠬᠤ︾ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠴᠢᠩᠭᠠᠳᠬᠠᠵᠤ᠂ ︽ᠡᠳᠦᠷ ᠤᠨ | ᠶᠠᠷᠢᠯᠴᠠᠯᠭ᠎ᠠ᠂ ᠰᠠᠷ᠎ᠠ ᠶᠢᠨ ᠠᠭᠤᠯᠵᠠᠯᠲᠠ︾ ᠶᠢᠨ ᠶᠠᠷᠢᠯᠴᠠᠭᠠᠨ ᠤ ᠲᠣᠭᠲᠠᠴᠠ ᠶᠢ ᠬᠡᠷᠡᠭᠯᠡᠨ᠂ ᠠᠴᠢᠶᠠᠯᠠᠵᠤ | ᠪᠠᠭᠤᠯᠭᠠᠬᠤ᠂ ᠵᠣᠭᠰᠣᠭᠠᠬᠤ ᠦᠶ᠎ᠡ ᠶᠢᠨ ᠦᠷ᠎ᠡ ᠪᠦᠲᠦᠮᠵᠢ ᠶᠢᠨ ᠭᠦᠢᠴᠡᠳᠭᠡᠯ ᠲᠤᠭ᠎ᠠ ᠶᠢ ᠬᠠᠮᠲᠤᠷᠠᠨ ᠪᠠᠶᠢᠭᠤᠯᠵᠤ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 4 ᠰᠠᠷ᠎ᠠ ᠳᠤ᠂ ᠡᠷᠢᠶᠡᠨ ᠪᠣᠭᠤᠮᠲᠠ ᠶᠢᠨ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 143.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 4.6% ᠪᠠᠷ ᠨᠡᠮᠡᠭᠳᠡᠪᠡ︔ 12.9 ᠲᠦᠮᠡᠨ ᠪᠠᠷᠢᠮᠵᠢᠶᠠᠲᠤ ᠬᠠᠶᠢᠷᠴᠠᠭ ᠢ ᠲᠡᠭᠡᠭᠡᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ | |