| | | 5 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠢᠯᠵᠢᠯᠳᠠ ᠶᠢᠨ ᠠᠩᠭᠢ ᠶᠢᠨ | ᠠᠩᠬᠠᠳᠠᠭᠴᠢ ᠪᠦᠯᠦᠭ ᠬᠡᠰᠢᠬᠦᠳ ᠡᠷᠢᠶᠡᠨ ᠪᠣᠭᠤᠮᠲᠠ ᠪᠠᠷ ᠳᠠᠮᠵᠢᠨ ᠮᠣᠩᠭᠤᠯ ᠤᠯᠤᠰ ᠲᠤ ᠬᠦᠷᠴᠦ᠂ 5 | ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ ᠤᠯᠠᠭᠠᠨᠪᠠᠭᠠᠲᠤᠷ ᠲᠤ ᠶᠠᠪᠤᠭᠳᠠᠬᠤ ᠮᠣᠩᠭᠤᠯ ᠤᠯᠤᠰ ᠤᠨ | ᠣᠯᠠᠨ ᠤᠯᠤᠰ ᠤᠨ ᠮᠠᠰᠢᠨ ᠲᠡᠷᠭᠡᠨ ᠤ ᠮᠡᠷᠬᠡᠵᠢᠯ ᠤᠨ ᠤᠷᠤᠯᠳᠤᠭᠠᠨ ᠳᠤ ᠣᠷᠣᠯᠴᠠᠬᠤ ᠪᠣᠯᠤᠨ᠎ᠠ᠃ | ᠡᠨᠡ ᠲᠡᠷᠭᠡ ᠨᠢ 12 ᠲᠡᠷᠭᠡ ᠪᠠᠷ ᠪᠦᠷᠢᠯᠳᠦᠵᠦ᠂ ᠵᠢᠩᠬᠢᠨᠢ ᠲᠡᠷᠭᠡᠴᠢᠨ 8᠂ ᠣᠷᠣᠯᠠᠭᠴᠢ ᠲᠡᠷᠭᠡ 4 | ᠵᠡᠷᠭᠡ ᠶᠢ ᠪᠠᠭᠲᠠᠭᠠᠪᠠ᠃ ᠲᠡᠳᠡ ᠨᠢᠭᠡ ᠬᠦᠨᠳᠦ ᠬᠡᠯᠪᠡᠷᠢ ᠶᠢᠨ ᠴᠢᠷᠬᠦ ᠲᠡᠷᠭᠡ᠂ ᠨᠢᠭᠡ ᠸᠠᠭᠤᠨ ᠤ ᠬᠡᠯᠪᠡᠷᠢ ᠶᠢᠨ | ᠪᠠᠷᠠᠭᠠᠨ ᠤ ᠲᠡᠷᠭᠡ᠂ ᠭᠤᠷᠪᠠᠨ ᠤᠷᠤᠯᠳᠤᠭᠠᠨ ᠤ ᠲᠡᠷᠭᠡ ᠵᠢᠴᠢ ᠬᠠᠮᠢᠶ᠎ᠠ ᠪᠦᠬᠦᠢ ᠤᠷᠤᠯᠳᠤᠭᠠᠨ ᠤ ᠡᠳ᠋ ᠪᠣᠳᠠᠰ ᠢ | ᠠᠪᠴᠤ ᠤᠷᠤᠯᠳᠤᠭᠠᠨ ᠳᠤ ᠣᠷᠣᠯᠴᠠᠪᠠ᠃ | ᠲᠤᠬᠠᠶ ᠶᠢᠨ ᠡᠳᠦᠷ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ᠂ ᠲᠡᠷᠭᠡᠨ ᠠᠩᠭᠢ | ᠪᠣᠭᠤᠮᠲᠠ ᠪᠠᠷ ᠥᠩᠭᠡᠷᠡᠬᠦ ᠭᠠᠷᠳᠠᠮ ᠢ ᠤᠷᠤᠭᠰᠢᠲᠠᠶ ᠪᠡᠶᠡᠯᠡᠭᠦᠯᠦᠭᠰᠡᠨ ᠤ ᠳᠠᠷᠠᠭ᠎ᠠ᠂ ᠲᠦᠷᠭᠡᠨ ᠬᠢᠯᠢ ᠠᠴᠠ ᠭᠠᠷᠴᠤ | ᠮᠣᠩᠭᠤᠯ ᠤᠯᠤᠰ ᠲᠤ ᠬᠦᠷᠴᠦ᠂ ᠪᠣᠭᠤᠮᠲᠠ ᠪᠠᠷ ᠥᠩᠭᠡᠷᠡᠬᠦ ᠳᠥᠭᠦᠮ ᠳᠥᠲᠡ ᠣᠷᠴᠢᠨ ᠲᠣᠭᠤᠷᠢᠨ ᠨᠢ ᠳᠤᠮᠳᠠᠳᠤ | ᠮᠣᠩᠭᠤᠯ ᠬᠤᠶᠠᠷ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠰᠠᠶᠢᠨ | ᠰᠠᠶᠢᠬᠠᠨ ᠰᠠᠭᠤᠷᠢ ᠲᠠᠯᠪᠢᠵᠤ ᠥᠭᠴᠡᠶ᠃ | ᠥᠪᠥᠷ ᠮᠣᠩᠭᠤᠯ ᠤᠨ ᠵᠢᠤᠢ ᠰᠢᠩ ᠪᠠᠷᠠᠭᠠᠨ ᠤ ᠲᠡᠭᠡᠭᠡᠪᠦᠷᠢ ᠶᠢᠨ ᠣᠷᠣᠯᠠᠬᠤ ᠬᠢᠵᠠᠭᠠᠷᠲᠤ ᠺᠣᠮᠫᠠᠨᠢ ᠶᠢᠨ | ᠣᠷᠣᠯᠠᠨ ᠬᠦᠢᠴᠡᠳᠬᠡᠭᠴᠢ ᠫᠠᠩ ᠳ᠋ᠦᠩ ᠳ᠋ᠦᠩ᠄ ︽ᠡᠨᠡ ᠪᠣᠯ ᠮᠠᠨ ᠤ ᠡᠨᠡ ᠵᠢᠯ ᠡᠷᠢᠶᠡᠨ ᠬᠤᠲᠠ ᠶᠢᠨ | ᠪᠣᠭᠤᠮᠲᠠ ᠪᠠᠷ ᠮᠣᠩᠭᠤᠯ ᠤᠯᠤᠰ ᠲᠤ ᠠᠩᠬ᠎ᠠ ᠤᠳᠠᠭ᠎ᠠ ᠣᠷᠣᠯᠴᠠᠵᠤ ᠪᠠᠶᠢᠭ᠎ᠠ ᠶᠠᠪᠤᠳᠠᠯ ᠮᠥᠨ᠂ ᠡᠷᠢᠶᠡᠨ | ᠪᠣᠭᠤᠮᠲᠠ ᠶᠢᠨ ᠬᠢᠨ ᠪᠢᠳᠡᠨ ᠳᠤ ᠲᠦᠷᠭᠡᠨ ᠪᠥᠭᠡᠳ ᠳᠥᠭᠦᠮ ᠳᠥᠲᠡ ᠪᠣᠭᠤᠮᠲᠠ ᠥᠩᠭᠡᠷᠡᠬᠦ ᠦᠢᠯᠡᠴᠢᠯᠡᠭᠡ | ᠬᠠᠩᠭᠠᠵᠤ ᠪᠠᠶᠢᠭ᠎ᠠ ᠶᠠᠪᠤᠳᠠᠯ ᠪᠣᠯᠤᠨ᠎ᠠ᠂ ᠪᠢᠳᠡ ᠮᠠᠰᠢ ᠣᠬᠤᠷᠬᠠᠨ ᠬᠤᠭᠤᠴᠠᠭᠠᠨ ᠳᠤ ᠪᠣᠭᠤᠮᠲᠠ ᠥᠩᠭᠡᠷᠡᠬᠦ ᠭᠠᠷ | ᠭᠦᠢᠴᠡᠳᠬᠡᠯ ᠢ ᠬᠢᠵᠦ ᠳᠠᠭᠤᠰᠬᠠᠪᠠ᠂ ᠦᠨᠡᠬᠡᠷ ᠮᠠᠰᠢ ᠳᠥᠭᠦᠮ ᠳᠥᠲᠡ︕︾ ᠭᠡᠵᠦ ᠬᠡᠯᠡᠪᠡ᠃ | ᠣᠶᠢᠯᠠᠭᠠᠭᠰᠠᠨ ᠢᠶᠠᠷ᠂ 12 ᠲᠠᠮᠢᠷᠴᠢᠨ ᠮᠣᠩᠭᠤᠯ᠂ ᠶᠠᠫᠣᠨ᠂ ᠺᠣᠷᠢᠶᠠ᠂ ᠺᠠᠽᠠᠭᠰᠲ᠋ᠠᠨ ᠵᠡᠷᠭᠡ ᠣᠯᠠᠨ | ᠤᠯᠤᠰ ᠤᠨ ᠲᠡᠷᠭᠡᠨ ᠠᠩᠭᠢ ᠲᠠᠢ ᠬᠠᠮᠲᠤ ᠥᠷᠢᠰᠥᠯᠳᠦᠵᠦ᠂ ᠢᠷᠠᠭᠤ ᠠᠯᠳᠠᠷ ᠢ ᠳᠡᠮᠡᠴᠡᠬᠦ ᠪᠣᠯᠤᠨ᠎ᠠ᠃ ᠳᠤᠮᠳᠠᠳᠤ | ᠮᠣᠩᠭᠤᠯ ᠬᠤᠶᠠᠷ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠴᠤ | ᠤᠷᠤᠯᠳᠤᠭᠠᠨ ᠤ ᠤᠷᠤᠯᠳᠤᠭᠠᠨ ᠤ ᠲᠥᠷᠥᠯ ᠵᠦᠢᠯ ᠢ ᠤᠬᠠᠭᠤᠯᠬᠤ᠂ ᠬᠤᠶᠠᠷ ᠤᠯᠤᠰ ᠤᠨ ᠰᠣᠶᠣᠯ ᠤᠨ | ᠰᠣᠯᠢᠯᠴᠠᠭ᠎ᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ᠃ |